ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/6/18
    ᠬᠠᠷᠢᠶᠠᠲᠤ ᠣᠷᠣᠨ ᠤ ᠲᠣᠭᠲᠠᠭᠤᠨ ᠪᠠᠶᠢᠳᠠᠯ ᠢ ᠤᠯᠠᠮ ᠴᠢᠨᠠᠭᠰᠢᠳᠠ ᠬᠠᠮᠠᠭᠠᠯᠠᠬᠤ ᠶᠢᠨ ᠲᠥᠯᠥᠭᠡ᠂ ᠲᠥᠪᠬᠢᠨᠡᠭᠦᠯᠬᠦ ᠬᠠᠪᠰᠤᠷᠤᠨ ᠰᠤᠷᠭᠠᠬᠤ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠳᠠᠬᠢᠨ ᠶᠠᠯ᠎ᠠ ᠬᠢᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠭᠠᠰᠬᠠᠵᠤ᠂ ᠡᠨᠡ ᠵᠢᠯ ᠠᠴᠠ ᠨᠠᠰᠢ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠰᠢᠶᠠᠩ ᠶᠠᠩ ᠤᠨ ᠬᠠᠤᠯᠢ ᠴᠠᠭᠠᠵᠠ ᠶᠢᠨ ᠭᠠᠵᠠᠷ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠢ ᠵᠢᠯᠣᠭᠤᠳᠤᠨ ᠬᠠᠪᠰᠤᠷᠤᠨ ᠰᠤᠷᠭᠠᠬᠤ ᠳᠤᠭᠤᠶᠢᠯᠠᠩ ᠪᠠᠶᠢᠭᠤᠯᠵᠤ᠂ ᠲᠥᠪᠬᠢᠨᠡᠭᠦᠯᠦᠨ ᠬᠠᠪᠰᠤᠷᠤᠨ ᠰᠤᠷᠭᠠᠬᠤ ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠪᠦᠷᠢᠨᠰᠢᠬᠦᠯᠦᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠨᠠᠶᠢᠳᠠᠪᠤᠷᠢᠵᠢᠭᠤᠯᠵᠤ᠂ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠣᠯᠭᠠᠵᠤ ᠂ ᠣᠯᠠᠨ ᠠᠷᠭ᠎ᠠ ᠬᠡᠮᠵᠢᠶ᠎ᠡ ᠪᠠᠷ ᠳᠠᠬᠢᠨᠲᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠬᠠᠷᠢᠶᠠᠲᠤ ᠣᠷᠣᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠴᠢᠷᠮᠠᠶᠢᠨ ᠬᠠᠮᠠᠭᠠᠯᠠᠪᠠ᠃    ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠤᠨ ᠰᠤᠯᠠᠯᠠᠬᠤ ᠮᠡᠳᠡᠭᠳᠡᠯ ᠤᠨ ᠪᠢᠴᠢᠭ ᠢ ᠣᠯᠤᠭᠰᠠᠨ ᠤ ᠲᠠᠷᠠᠭ᠎ᠠ᠂ ᠰᠢᠶᠠᠩ ᠶᠠᠩ ᠤᠨ ᠬᠠᠤᠯᠢ ᠴᠠᠭᠠᠵᠠ ᠶᠢᠨ ᠭᠠᠵᠠᠷ ᠴᠠᠭ ᠲᠤᠬᠠᠢ ᠳᠤᠨᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠲᠠᠢ ᠬᠠᠷᠢᠯᠴᠠᠵᠤ ᠬᠠᠮᠲᠤ ᠪᠠᠷ ᠬᠢᠨᠠᠨ ᠪᠠᠶᠢᠴᠠᠭᠠᠵᠤ᠂ ᠬᠢᠨᠠᠨ ᠬᠠᠷᠭᠤᠭᠤᠯᠤᠭᠰᠠᠨ ᠤ ᠲᠠᠷᠠᠭ᠎ᠠ ᠲᠠᠩᠰᠠᠯᠠᠨ ᠳᠡᠪᠲᠡᠷᠯᠡᠵᠦ᠂ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠤᠨ ᠲᠠᠩᠰᠠ ᠡᠪᠬᠡᠮᠡᠯ ᠪᠠᠶᠢᠭᠤᠯᠵᠤ᠂ ᠨᠢᠭᠡ ᠬᠥᠮᠦᠨ ᠳᠤ ᠨᠢᠭᠡ ᠲᠠᠩᠰᠠ ᠡᠪᠬᠡᠮᠡᠯ ᠭᠠᠷᠭᠠᠬᠤ ᠶᠢ ᠪᠡᠶᠡᠯᠡᠭᠦᠯᠪᠡ᠃ ᠭᠤᠤᠯᠳᠠᠯᠭ᠎ᠠ ᠲᠠᠢ ᠬᠠᠪᠰᠤᠷᠤᠨ ᠰᠤᠷᠭᠠᠬᠤ ᠬᠥᠮᠦᠰ ᠤᠨ ︽ᠵᠠᠪᠠᠯ ᠭᠥᠯᠢᠶᠡᠨ ᠠᠪᠴᠤ ᠵᠠᠪᠠᠯ ᠬᠦᠷᠭᠡᠬᠦ︾ ᠲᠦᠷᠢᠮ ᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠠᠪᠰᠤᠷᠤᠨ ᠰᠤᠷᠭᠠᠬᠤ ᠡᠲᠡᠭᠡᠳ ᠢ ᠵᠣᠯᠭᠠᠭᠤᠯᠬᠤ ᠨᠣᠷᠮ᠎ᠠ ᠶᠢ 100% ᠪᠠᠷ ᠪᠠᠲᠤᠯᠠᠨ᠎ᠠ︔ ᠲᠥᠪᠬᠢᠨᠡᠭᠦᠯᠦᠨ ᠬᠠᠪᠰᠤᠷᠤᠨ ᠰᠤᠷᠭᠠᠬᠤ ᠬᠥᠮᠦᠨ ᠨᠢᠭᠡᠪᠦᠷᠢ ᠳᠤ ︽ᠨᠢᠭᠡ ᠨᠢ ᠨᠢᠭᠡ ᠶᠢ ᠲᠤᠰᠠᠯᠠᠬᠤ︾ ᠪᠤᠶᠤ ︽ᠢᠯᠡᠭᠦᠦ ᠨᠢ ᠨᠢᠭᠡ ᠶᠢ ᠲᠤᠰᠠᠯᠠᠬᠤ︾ ᠬᠤᠣᠰᠯᠠᠨ ᠬᠠᠪᠰᠤᠷᠤᠨ ᠰᠤᠷᠭᠠᠬᠤ ᠬᠡᠯᠪᠡᠷᠢ ᠶᠢ ᠠᠪᠴᠤ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠯᠦᠭᠡ ᠬᠠᠪᠰᠤᠷᠤᠨ ᠰᠤᠷᠭᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠬᠠᠪᠰᠤᠷᠤᠨ ᠰᠤᠷᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠬᠠᠤᠯᠢ ᠪᠠᠷᠢᠬᠤ ᠭᠠᠵᠠᠷ ᠤᠨ ᠠᠵᠢᠯᠲᠠᠨ ᠬᠡᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠬᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠡᠳᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠠᠵᠢᠯ ᠤᠨ ᠪᠠᠶᠢᠳᠠᠯ ᠢ ᠣᠶᠢᠯᠠᠭᠠᠵᠤ᠂ ᠬᠢᠨᠠᠨ ᠪᠠᠶᠢᠴᠠᠭᠠᠬᠤ ᠶᠢᠨ ᠠᠷᠭ᠎ᠠ ᠥᠬᠡᠶ ᠬᠥᠮᠦᠰ ᠲᠠᠢ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠲᠠᠢ ᠨᠡᠪᠲᠡᠷᠡᠯᠴᠡᠨ ᠬᠠᠷᠢᠯᠴᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠯᠪᠣᠭᠠᠯᠠᠨ ᠰᠤᠷᠪᠤᠯᠵᠢᠯᠠᠬᠤ᠂ ᠬᠠᠮᠲᠤ ᠪᠠᠷ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠵᠦ᠂ ᠬᠡᠮ ᠰᠣᠭᠤᠭ ᠢ ᠠᠷᠢᠯᠭᠠᠬᠤ ᠶᠢ ᠦᠨᠡᠨ ᠬᠦ ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠢ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠬᠠᠪᠰᠤᠷᠤᠨ ᠰᠤᠷᠭᠠᠬᠤ ᠡᠲᠡᠭᠡᠳ ᠲᠤ ᠦᠵᠡᠯ ᠰᠠᠨᠠᠭᠠᠨ ᠤ ᠬᠥᠮᠦᠵᠢᠯ ᠢ ᠰᠠᠶᠢᠲᠤᠷ ᠠᠳᠬᠤᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠬᠤ᠂ ᠬᠦᠴᠢᠷᠳᠡᠯᠲᠡᠶ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠠᠳᠬᠤᠬᠤ᠂ ᠬᠦᠴᠢᠷᠳᠡᠯᠲᠡᠶ ᠶᠢ ᠨᠢ ᠲᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠲᠤ ᠲᠦᠷ ᠴᠠᠭ ᠤᠨ ᠴᠢᠨᠠᠷᠲᠠᠶ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠠᠪᠰᠤᠷᠤᠨ ᠵᠣᠬᠢᠴᠠᠭᠤᠯᠤᠨ᠎ᠠ᠃ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠢᠶᠠᠷ ᠳᠠᠮᠵᠢᠭᠤᠯᠤᠨ ᠲᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠲᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠨᠢᠭᠡᠪᠦᠷᠢ ᠳᠤ ᠴᠥᠮ ᠨᠡᠶᠢᠭᠡᠮ ᠤᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ᠂ ᠨᠡᠶᠢᠭᠡᠮ ᠳᠤ ᠳᠠᠬᠢᠨ ᠠᠭᠤᠰᠤᠯᠴᠠᠭᠤᠯᠵᠤ᠂ ᠳᠠᠬᠢᠨ ᠶᠠᠯ᠎ᠠ ᠬᠢᠬᠦ ᠶᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ