ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠭᠤᠤᠯᠳᠠᠯᠭ᠎ᠠ ᠲᠠᠢ ᠰᠠᠨᠠᠭᠤᠯᠭ᠎ᠠ ᠭᠠᠷᠭᠠᠵᠤ ᠱᠠᠭᠠᠷᠳᠡᠨ ᠬᠢᠯᠭᠡᠬᠦ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/6/18
    6 ᠰᠠᠷ᠎ᠠ ᠶᠢᠨ 11 ᠤ ᠡᠳᠦᠷ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠤᠩ ᠲᠢᠶᠤ ᠬᠤᠩ ᠤᠨ ᠳᠤᠷᠠᠳᠤᠭᠰᠠᠨ ︽ᠮᠥᠰᠥ ᠴᠠᠰᠤᠨ ᠤ ᠵᠢᠭᠤᠯᠴᠢᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ︾ ᠰᠠᠨᠠᠭᠤᠯᠭ᠎ᠠ ᠶᠢ ᠲᠤᠬᠠᠶ ᠶᠢᠨ ᠲᠠᠯᠠᠪᠤᠷ ᠲᠤᠨᠢ ᠰᠢᠪᠠᠳᠠᠨ ᠰᠢᠢᠳᠪᠦᠷᠢᠯᠡᠭᠦᠯᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠬᠤᠶ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃
    1.jpg
    ᠰᠢᠪᠠᠳᠠᠨ ᠰᠢᠢᠳᠪᠦᠷᠢᠯᠡᠭᠦᠯᠬᠦ ᠳᠤᠭᠤᠶᠢᠯᠠᠩ ᠤᠨ ᠬᠢᠨ ᠤᠷᠢᠳ ᠬᠤᠵᠢᠳ ᠵᠠᠯᠠᠨ ᠠᠶᠢᠯ ᠤᠨ  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ᠂ ᠳᠡᠭᠦᠵᠢᠩ ᠬᠥᠭᠦᠷᠭᠡ ᠶᠢᠨ ᠴᠡᠴᠡᠷᠯᠢᠭ ᠲᠤ ᠭᠦᠨᠵᠡᠭᠡᠶᠢᠷᠡᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ᠂ ᠲᠥᠷᠥᠯ  ᠵᠦᠢᠯ ᠤᠨ ᠡᠵᠡᠩᠨᠡᠯᠲᠡ ᠬᠠᠮᠢᠶᠠᠷᠤᠯᠲᠠ ᠵᠢᠴᠢ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢᠨ ᠲᠤᠬᠠᠶ ᠲᠠᠨᠢᠯᠴᠠᠭᠤᠯᠭ᠎ᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠣᠨᠣᠰᠪᠠ᠃    ᠰᠢᠪᠠᠳᠠᠨ ᠰᠢᠢᠳᠪᠦᠷᠢᠯᠡᠬᠦ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠥᠪᠯᠡᠯᠭᠡ ᠪᠠ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠬᠦ ᠪᠣᠯ ᠲᠥᠯᠥᠭᠡᠯᠡᠭᠴᠢᠳ ᠲᠤ ᠦᠢᠯᠡᠴᠢᠯᠡᠬᠦ᠂ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠶᠢ ᠪᠠᠳᠠᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠠᠷᠠᠳ ᠤᠨ ᠰᠠᠨᠠᠭ᠎ᠠ ᠶᠢ ᠬᠦᠨᠳᠦᠳᠬᠡᠬᠦ ᠶᠢᠨ ᠪᠣᠳᠠᠲᠠᠶ ᠢᠯᠡᠷᠡᠯ ᠮᠥᠨ᠃ ᠰᠢᠢᠳᠪᠦᠷᠢᠯᠡᠬᠦ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢᠳ ᠲᠠᠢ ᠨᠢᠭᠤᠷᠳᠠᠨ ᠵᠥᠪᠳᠡᠯᠴᠡᠨ ᠨᠡᠪᠲᠡᠷᠡᠯᠴᠡᠬᠦ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠩᠭᠠᠳᠬᠠᠬᠤ ᠬᠡᠷᠡᠭᠲᠡᠶ︔ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠰᠠᠨᠠᠭᠤᠯᠭ᠎ᠠ ᠶᠢ ᠰᠢᠢᠳᠪᠦᠷᠢᠯᠡᠬᠦ‌ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ᠂ ᠴᠠᠭ ᠲᠤᠬᠠᠶ ᠳᠤᠨᠢ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠰᠢᠢᠳᠪᠦᠷᠢᠯᠡᠬᠦ ᠠᠵᠢᠯ ᠤᠨ ᠬᠢᠷᠢ ᠬᠡᠮᠵᠢᠶ᠎ᠡ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃
2.jpg
  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ