ᠵᠠᠯᠠᠨ ᠠᠶᠢᠯ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/6/25
    ᠵᠠᠯᠠᠨ ᠠᠶᠢᠯ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ︵ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠤᠨ᠎ᠠ᠃     ᠨᠢᠭᠡ᠂ ᠭᠤᠤᠯ ᠡᠭᠦᠷᠭᠡ ᠬᠠᠷᠢᠭᠤᠴᠠᠯᠭ᠎ᠠ    ︵ᠨᠢᠭᠡ︶ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠤᠯᠤᠰ ᠤᠨ ᠪᠠ ᠳᠡᠭᠡᠳᠦ ᠱᠠᠲᠤᠨ ᠤ ᠵᠠᠰᠠᠭ ᠤᠨ ᠣᠷᠳᠣᠨ ᠤ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠪᠦᠬᠦ ᠬᠤᠳᠠ ᠶᠢᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠲᠣᠭᠤᠷᠢᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃     ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠲᠠ ᠶᠢᠨ ᠤᠰᠤᠨ ᠤ ᠳᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠪᠥᠬᠦ ᠬᠤᠲᠠ ᠶᠢᠨ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠲᠠᠲᠠᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠭᠤᠷᠪᠠ︶ ᠤᠰᠤᠨ  ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ  ᠤ  ᠶᠡᠷᠦᠩᠬᠡᠶᠢᠯᠡᠭᠰᠡᠨ ᠵᠠᠰᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠥᠷᠪᠡ︶ ᠤᠰᠤ ᠠᠷᠪᠢᠯᠠᠵᠤ ᠬᠡᠷᠡᠭᠯᠡᠬᠦ ᠠᠵᠢᠯ  ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠥᠬᠦᠶ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃    ︵ᠲᠠᠪᠤ︶ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠲᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠳᠡᠭᠡᠳᠦ ᠱᠠᠲᠤ ᠪᠠ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠳᠤᠷᠠᠳᠤᠨ᠂ ᠲᠥᠷᠥᠯ  ᠵᠦᠢᠯ  ᠤᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠤ ᠲᠥᠷᠥᠯ  ᠵᠦᠢᠯ ᠢ ᠬᠢᠨᠠᠨ ᠵᠥᠪᠰᠢᠶᠡᠷᠡᠨ᠎ᠡ᠃    ︵ᠵᠢᠷᠭᠤᠭ᠎ᠠ︶ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠭᠤᠤᠯ ᠨᠠᠭᠤᠷ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ ᠨᠠᠭᠤᠷ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠨᠠᠭᠤᠷ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠤᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠬᠢᠭᠡᠳ ᠠᠵᠢᠯᠯᠠᠭᠠᠨ  ᠤ ᠬᠠᠮᠢᠶᠠᠷᠤᠯᠲᠠ  ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠡᠵᠡᠮᠳᠡᠯ ᠤᠨ ᠴᠢᠨᠠᠷᠲᠠᠶ ᠪᠤᠶᠤ ᠣᠷᠣᠨ ᠪᠦᠰᠡ ᠠᠯᠤᠰᠯᠠᠭᠰᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃    ︵ᠨᠠᠢᠮᠠ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠤᠮᠤ ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠳᠡᠭᠡ ᠲᠣᠰᠬᠤᠨ  ᠤ ᠤᠤᠭᠤᠬᠤ ᠤᠰᠤᠨ ᠤ ᠠᠶᠤᠯ ᠦᠭᠡᠢ‌ᠢᠨᠵᠧᠨᠧᠷᠢᠩ‌‍ᠪᠠᠶᠢᠭᠤᠯᠤᠯᠲᠠ ᠵᠢᠨ‌ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠥᠬᠦᠢ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠵᠢᠵᠢᠭ ᠤᠰᠤᠨ ᠴᠠᠬᠢᠯᠭᠠᠨ ᠢ ᠥᠭᠡᠷᠡᠴᠢᠯᠡᠬᠦ ᠪᠠ ᠤᠰᠤᠨ ᠴᠠᠬᠢᠯᠭᠠᠨ ᠢ ᠬᠥᠳᠡᠭᠡ ᠲᠣᠰᠬᠤᠨ ᠳᠤ ᠴᠠᠬᠢᠯᠭᠠᠨᠵᠢᠭᠤᠯᠬᠤ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃    ︵ᠶᠢᠰᠦ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠦᠢᠯᠡᠳᠪᠦᠷᠢᠯᠡᠯ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ   ᠤᠨ  ᠭᠦᠷᠦᠰᠦ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠵᠤ᠂ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ  ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠ︶ ᠤᠰᠤᠨ ᠠᠰᠢᠭᠯᠠᠯᠲᠠ ᠶᠢᠨ ᠠᠵᠢᠯ ᠲᠥᠷᠥᠯ ‍ᠦᠨ‌ᠬᠠᠤᠯᠢ ᠬᠡᠷᠡᠭᠵᠢᠭᠦᠯᠬᠦ ᠪᠠ ᠠᠶᠤᠯ ᠥᠭᠡᠢ ᠦᠢᠯᠡᠳᠪᠦᠷᠢᠯᠡᠯ ‍ᠤᠨ‌ᠠᠵᠢᠯ ᠢ‌ᠬᠠᠷᠢᠭᠤᠴᠠᠨ᠎ᠠ᠃ ᠤᠰᠤᠨ ᠳᠤ ᠬᠤᠯᠪᠣᠭᠳᠠᠭᠰᠠᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ ᠬᠤᠲᠠ ᠶᠢᠨ ᠤᠰᠤᠨ ᠤ ᠬᠡᠷᠡᠭ ᠤᠨ ᠵᠢᠭᠤᠷᠠᠯᠳᠤᠭᠠᠨ ᠢ ᠵᠣᠬᠢᠴᠠᠭᠤᠯᠬᠤ ᠪᠠ ᠬᠥᠨᠳᠡᠯᠡᠨ ᠠᠴᠠ ᠲᠡᠰᠦᠯᠵᠦ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠤᠰᠤᠨ ᠴᠥᠭᠦᠷᠥᠮ᠂ ᠤᠰᠤᠨ ᠴᠠᠬᠢᠯᠭᠠᠨ ᠰᠲ᠋ᠠᠨᠼᠢ ᠶᠢᠨ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠰᠲ᠋ᠠᠨᠼᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠵᠢᠯᠤᠭᠤᠳᠨ᠎ᠠ᠃    ︵ᠠᠷᠪᠠᠨ ᠨᠢᠭᠡ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠲᠦᠷᠢᠮ ᠲᠣᠭᠲᠠᠭᠠᠯ ᠤᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ‍ᠤᠨ‌ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃    ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠳᠣᠭᠢᠷᠠᠭᠤᠯᠬᠤ ᠪᠠ ᠠᠷᠪᠢᠯᠠᠨ ᠭᠠᠮᠨᠠᠵᠤ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠰᠢᠯᠵᠢᠭᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠵᠦᠢ ᠵᠣᠬᠢᠰᠲᠠᠶ ᠪᠠᠷ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠨ᠎ᠠ᠃    ︵ᠠᠷᠪᠠᠨ ᠳᠥᠷᠪᠡ︶ ᠵᠠᠯᠠᠨ ᠠᠶᠢᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠪᠠᠷᠢᠯᠭ᠎ᠠ ᠶᠢᠨ ᠦᠶᠡᠷ ‍ᠤᠨ‌ᠤᠰᠤ ᠶᠢ ᠰᠡᠷᠭᠡᠶᠢᠯᠡᠨ ᠭᠠᠩ ‍ᠤᠨ‌ᠭᠠᠮᠰᠢᠭ ᠲᠠᠢ ᠲᠡᠮᠡᠴᠡᠬᠦ ᠲᠤᠬᠢᠷᠠᠭᠤᠯᠤᠯᠳᠠ ᠪᠣᠯᠤᠨ ᠪᠠᠴᠢᠮ ᠪᠠᠶᠢᠳᠠᠯ  ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ  ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ    ᠶᠡᠷᠦᠩᠬᠡᠶᠢᠯᠡᠭᠰᠡᠨ ᠠᠯᠪᠠᠨ ᠬᠡᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠤᠰᠤᠨ ᠤ ᠡᠬᠢ ᠪᠠᠶᠠᠯᠢᠭ ᠤᠰᠤᠨ ᠤ ᠬᠠᠮᠠᠭᠠᠯᠠᠯᠲᠠ ᠶᠢᠨ ᠠᠯᠪᠠᠨ ᠬᠡᠷ᠂ ᠠᠵᠢᠯᠯᠠᠭᠠᠨ ᠤ ᠬᠠᠮᠢᠶᠠᠷᠤᠯᠲᠠ ᠬᠢᠭᠡᠳ ᠶᠠᠰᠤ ᠴᠢᠨᠠᠷ ᠲᠤ ᠬᠢᠨᠠᠯᠲᠠ ᠲᠠᠯᠪᠢᠬᠤ ᠠᠯᠪᠠᠨ ᠬᠡᠷ ᠂ ᠤᠰᠤᠨ ᠤ ᠶᠠᠪᠤᠳᠠᠯ ᠤᠨ ᠠᠯᠪᠠᠨ ᠬᠡᠷ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠯᠪᠠᠨ ᠬᠡᠷ    ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ᠂ ᠰᠦᠯᠵᠢᠶᠡᠨ ᠤ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠠ ᠤᠰᠤᠨ ᠠᠰᠢᠭᠯᠠᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠰᠠᠯᠠᠭ᠎ᠠ ᠮᠥᠴᠢᠷ ᠤᠨ ᠲᠥᠰᠦᠪ ᠪᠠ ᠲᠥᠰᠦᠪ ‍ᠤᠨ‌‍ᠭᠦ᠋ᠢᠴᠡᠳᠭᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠡᠳ᠋ ᠤᠨ ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠥᠷᠥᠯ  ᠵᠦᠢᠯ ᠤᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃︶    ︵ᠬᠤᠶᠠᠷ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠄ ᠴᠢᠬᠤᠯᠠ ᠶᠡᠭᠡ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠥᠬᠦ ᠬᠤᠲᠠ ᠶᠢᠨ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ  ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ ᠪᠥᠬᠦ ᠬᠤᠲᠠ ᠶᠢᠨ ᠤᠰᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠶ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠮᠣ ᠬᠡᠯᠪᠡᠷᠢ ᠶᠢᠨ ᠤᠰᠤ ᠲᠠᠲᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠩᠬ᠎ᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ  ᠶᠢᠨ ᠶᠠᠰᠤ ᠴᠢᠨᠠᠷ ‍ᠤᠨ‌ᠬᠠᠮᠢᠶᠠᠷᠤᠯᠲᠠ  ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ  ᠶᠢᠨ ᠪᠥᠳᠥᠭᠡᠨ ᠪᠠᠶᠢᠭᠤᠯᠤᠯᠲᠠ  ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠤᠰᠤᠨ ᠠᠰᠢᠭᠯᠠᠯᠲᠠ  ᠶᠢᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ  ᠤᠨ  ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ  ᠢ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠦᠶᠡᠷ ᠤᠨ ᠨᠥᠯᠥᠭᠡ ᠶᠢ ᠦᠨᠡᠯᠡᠭᠰᠡᠨ ᠮᠡᠳᠡᠭᠦᠯᠦᠯᠲᠡ ᠶᠢ ᠬᠢᠨᠠᠨ ᠵᠥᠪᠰᠢᠶᠡᠷᠡᠨ᠎ᠡ᠃ ᠲᠤᠮᠤ ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠭᠤᠣᠯᠳᠠᠯᠭ᠎ᠠ ᠲᠠᠢ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠰᠤᠨ ᠴᠠᠬᠢᠯᠭᠠᠨ ᠢ ᠬᠥᠳᠡᠭᠡ ᠲᠣᠰᠬᠤᠨ ᠳᠤ ᠴᠠᠬᠢᠯᠭᠠᠨᠵᠢᠭᠤᠯᠬᠤ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠦᠷ᠎ᠡ ᠠᠰᠢᠭ ᠢ ᠨᠡᠮᠡᠭᠳᠡᠭᠦᠯᠦᠨ ᠪᠠᠭᠲᠠᠭᠠᠮᠵᠢ ᠶᠢ ᠥᠷᠭᠡᠳᠬᠡᠬᠦ ᠥᠭᠡᠷᠡᠴᠢᠯᠡᠯᠲᠡ ᠵᠢᠴᠢ ᠵᠢᠵᠢᠭ ᠤᠰᠤᠨ ᠴᠠᠬᠢᠯᠭᠠᠨ ᠢᠶᠠᠷ ᠲᠦᠯᠡᠰᠢ ᠶᠢ ᠣᠷᠣᠯᠠᠭᠤᠯᠬᠤ ᠵᠡᠷᠭᠡ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠤᠰᠤᠨ ᠤ ᠡᠬᠢ ᠪᠠᠶᠠᠯᠢᠭ ᠤᠰᠤᠨ ᠤ ᠬᠠᠮᠠᠭᠠᠯᠠᠯᠲᠠ ᠶᠢᠨ ᠠᠯᠪᠠᠨ ᠬᠡᠷ᠄ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠤᠰᠤᠨ ᠤ ᠡᠬᠢ ᠪᠠᠶᠠᠯᠢᠭ ᠤᠨ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢᠨ ᠤᠰᠤᠨ ᠤ ᠡᠬᠢ ᠪᠠᠶᠠᠯᠢᠭ ᠤᠨ ᠪᠠᠶᠢᠴᠠᠭᠠᠯᠲᠠ᠂ ᠦᠨᠡᠯᠡᠯᠲᠡ ᠶᠢᠨ ᠬᠤᠯᠪᠣᠭᠳᠠᠯ ᠪᠥᠬᠦᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ  ᠤ  ᠤᠰᠤᠨ ᠤ ᠡᠬᠢ ᠪᠠᠶᠠᠯᠢᠭ  ᠤᠨ ᠠᠯᠪᠠᠨ ᠮᠡᠳᠡᠭᠡ  ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠵᠢᠨ‌ᠬᠠᠮᠲᠤ ᠨᠡᠶᠢᠲᠡᠯᠡᠨ᠎ᠡ᠃ ᠤᠰᠤ ᠶᠢ ᠠᠷᠪᠢᠯᠠᠵᠤ ᠬᠡᠷᠡᠭᠯᠡᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠤᠰᠤᠨ ᠤ ᠡᠷᠬᠡ ᠶᠢ ᠬᠤᠷᠢᠶᠠᠨ ᠬᠠᠳᠠᠭᠠᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠬᠥᠷᠥᠰᠥ ᠰᠢᠷᠣᠶ ᠶᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ‌ᠵᠦ᠋ᠢᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠴᠢ ᠬᠢᠨᠠᠯᠲᠠ ᠲᠠᠯᠪᠢᠵᠤ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠬᠥᠷᠥᠰᠥ ᠰᠢᠷᠣᠶ ᠶᠢᠨ ᠢᠳᠡᠭᠳᠡᠯ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠪᠠ ᠵᠠᠷᠯᠠᠨ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ ᠦᠢᠯᠡᠳᠪᠦᠷᠢᠯᠡᠯ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ  ᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠦᠷᠢ ᠶᠢᠨ ᠰᠦᠢᠳᠬᠡᠯ ᠢ ᠲᠠᠲᠠᠪᠤᠷᠢᠯᠠᠬᠤ ᠠᠵᠢᠯ ᠢ ᠬᠠᠷᠢᠭᠤᠴᠠᠨ᠎ᠠ᠃    ︵ᠲᠥᠷᠪᠡ︶ ᠠᠵᠢᠯᠯᠠᠭᠠᠨ ᠤ ᠬᠠᠮᠢᠶᠠᠷᠤᠯᠲᠠ ᠬᠢᠭᠡᠳ ᠶᠠᠰᠤ ᠴᠢᠨᠠᠷ ᠲᠤ ᠬᠢᠨᠠᠯᠲᠠ ᠲᠠᠯᠪᠢᠬᠤ ᠠᠯᠪᠠᠨ ᠭᠡᠷ᠄ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠭᠤᠣᠯᠳᠠᠯᠭ᠎ᠠ ᠲᠠᠢ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠳᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠤᠰᠤᠨ ᠴᠥᠭᠦᠷᠥᠮ᠂ ᠤᠰᠤᠨ ᠴᠠᠬᠢᠯᠭᠠᠨ ᠰᠲ᠋ᠠᠨᠼᠢ ᠶᠢᠨ ᠬᠠᠰᠢᠯᠭ᠎ᠠ᠂ ᠬᠠᠰᠢᠯᠭ᠎ᠠ᠂ ᠤᠰᠤᠨ ᠬᠠᠭᠠᠯᠲᠠ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠠᠵᠢᠯᠯᠠᠭ᠎ᠠ᠂ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠢᠯᠣᠭᠤᠳᠤᠨ᠎ᠠ᠃    ︵ᠲᠠᠪᠤ︶ ᠤᠰᠤᠨ ᠤ ᠶᠠᠪᠤᠳᠠᠯ ᠤᠨ ᠠᠯᠪᠠᠨ ᠬᠡᠷ ︵ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ︶᠄ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠳᠥᠯᠭᠢᠨ ᠠᠬᠢᠭᠤᠯᠬᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠬᠦ ᠴᠢᠯᠥᠭᠡᠲᠦ ᠲᠠᠰᠤᠯᠤᠯᠲᠠ ᠶᠢᠨ ᠡᠷᠬᠡ ᠶᠢᠨ ᠠᠵᠢᠯ ᠢ ᠵᠢᠷᠤᠮᠵᠢᠭᠤᠯᠬᠤ ᠶᠢ ᠬᠠᠷᠢᠭᠤᠴᠠᠨ᠎ᠠ︔ ᠬᠠᠤᠯᠢ ᠳᠦᠷᠢᠮ ᠤᠨ ᠤᠬᠠᠭᠤᠯᠭ᠎ᠠ᠂ ᠪᠣᠯᠪᠠᠰᠤᠷᠠᠭᠤᠯᠤᠯ ᠪᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠤᠨ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠪᠴᠢᠶ᠎ᠠ ᠶᠢᠨ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠳᠠᠭᠠᠭᠠᠨ‌‍ᠭᠦ᠋ᠢᠴᠡᠳᠭᠡᠨ᠎ᠡ᠃ ᠤᠰᠤᠨ ᠤ ᠶᠠᠪᠤᠳᠠᠯ  ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠠᠵᠢᠯ  ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤᠨ ᠤ ᠶᠠᠪᠤᠳᠠᠯ ‍ᠤᠨ‌ᠵᠢᠭᠤᠷᠠᠯᠳᠤᠭᠠᠨ ᠢ ᠵᠣᠬᠢᠴᠠᠭᠤᠯᠤᠨ᠂ ᠤᠰᠤᠨ ᠲᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ  ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠥᠬᠦᠶ  ᠵᠦᠢᠯᠡᠰ ᠢ ᠬᠢᠨᠠᠨ ᠵᠥᠪᠰᠢᠶᠡᠷᠡᠬᠦ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠭᠥᠯᠢᠶᠡᠨ ᠠᠪᠤᠨ᠎ᠠ᠃ ᠭᠤᠣᠯ  ᠤᠨ ᠵᠠᠮ ᠠᠴᠠ ᠬᠠᠶᠢᠷ ᠮᠠᠯᠲᠠᠬᠤ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠠᠯᠪᠠᠨ ᠬᠡᠷ᠄ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠬᠢᠨᠠᠨ ᠰᠢᠯᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ  ᠤᠨ ᠠᠵᠢᠯ  ᠢ ᠬᠠᠷᠢᠭᠤᠴᠠᠨ᠎ᠠ᠃     ᠬᠠᠷᠢᠭᠤᠴᠠᠯᠭᠠᠲᠠᠨ ᠤ ᠤᠪᠤᠭ ᠨᠡᠷ᠎ᠡ᠄ ᠰᠢᠤᠢ ᠰᠦᠩ     ᠬᠠᠶ᠋ᠢᠭ᠄ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠮᠢᠩ ᠶᠤᠸᠠᠢ ᠵᠡᠭᠡᠯᠢ ᠶᠢᠨ 11 ᠳ᠋ᠦᠭᠡᠷ ᠨᠣᠮᠧᠷ     ᠰᠢᠦᠳᠠᠨ ᠳ᠋ᠤᠭᠠᠷ᠄ 162650     ᠰᠦᠯᠵᠢᠶᠡᠨ ᠤ ᠬᠠᠶ᠋ᠢᠭ᠄ www.zhalantun.gov.cn     ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00   14᠄ 00 — 17᠄ 00     ᠬᠠᠷᠢᠯᠴᠠᠬᠤ ᠠᠷᠭ᠎ᠠ᠄ 0470 — 3260111     ᠭᠤᠷᠪᠠ᠂ ᠬᠠᠷᠢᠶ᠎ᠠ ᠨᠢᠭᠡᠴᠢ    ︵ᠨᠢᠭᠡ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠪ ︵ᠬᠠᠷᠢᠶ᠎ᠠ ᠨᠢᠭᠡᠴᠡ ᠶᠢᠨ ᠳᠡᠳ᠋ ᠰᠠᠯᠠᠭ᠎ᠠ ᠶᠢᠨ ᠲᠠᠰ︶ ᠤᠨ ᠵᠠᠯᠠᠨ ᠠᠶᠢᠯ ᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠪ ᠨᠢ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃    ᠭᠤᠤᠯ ᠡᠭᠦᠷᠭᠡ    ︵1︶ ᠪᠦᠬᠦ ᠬᠤᠳᠠ ᠶᠢᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠤᠰᠤᠨ ᠠᠰᠢᠭᠯᠠᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠲᠦᠷᠢᠮ ᠢ ᠬᠠᠮᠵᠢᠨ ᠲᠣᠭᠲᠠᠭᠠᠨ᠎ᠠ︔ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠬᠤᠯᠪᠣᠭᠳᠠᠯ ᠪᠦᠬᠦᠢ ᠮᠡᠳᠡᠭᠦᠯᠦᠯᠲᠡ ᠪᠠ ᠲᠥᠰᠦᠯ ᠢ ᠬᠢᠨᠠᠨ ᠪᠠᠶᠢᠴᠠᠭᠠᠬᠤ ᠠᠵᠢᠯ ᠢ ᠬᠠᠮᠵᠢᠨ ᠥᠷᠨᠢᠭᠦᠯᠦᠨ᠎ᠡ᠃    ︵2︶ ᠬᠥᠳᠡᠭᠡ ᠲᠣᠰᠬᠤᠨ ᠤ ᠤᠰᠤᠨ ᠠᠰᠢᠭᠯᠠᠯᠲᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ︔ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠪᠠ ᠬᠥᠭᠡᠷᠭᠡ ᠶᠢᠨ ᠥᠷᠲᠡᠭᠡᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ᠂ ᠪᠠᠶᠢᠴᠠᠭᠠᠬᠤ᠂ ᠠᠶᠤᠯ ᠥᠬᠡᠶ ᠦᠢᠯᠡᠳᠪᠦᠷᠢᠯᠡᠯ ᠵᠢᠴᠢ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵3︶ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠵᠢᠴᠢ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠤᠯᠪᠣᠭᠳᠠᠯ ᠪᠦᠬᠦᠢ ᠠᠵᠢᠯ ᠢ ᠬᠠᠮᠵᠢᠨ ᠥᠷᠨᠢᠭᠦᠯᠦᠨ᠎ᠡ︔ ᠪᠥᠬᠦ ᠬᠤᠲᠠ ᠶᠢᠨ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ᠂ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠦᠶᠡᠷ ᠢ ᠰᠡᠷᠭᠡᠶᠢᠯᠡᠬᠦ ᠰᠦᠩ ᠬᠠᠯᠢᠶ᠎ᠠ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵4︶ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠵᠡᠷᠭᠡ ᠮᠡᠷᠭᠡᠵᠢᠯ ᠤᠨ ᠴᠢᠨᠠᠷᠲᠠᠶ᠂ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵5︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠬᠤᠳᠠ ᠶᠢᠨ ᠱᠠᠲᠤᠨ  ᠤ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠣᠯᠤᠨ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵6︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠯᠪᠠᠨ ᠬᠡᠷ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠢᠨᠵᠧᠨᠧᠷᠢᠩ ᠤᠨ ᠠᠵᠢᠯᠯᠠᠭᠠᠨ ᠤ ᠠᠯᠪᠠᠨ ᠬᠡᠷ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠯᠪᠠᠨ ᠬᠡᠷ    ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ ᠮᠢᠩ ᠶᠤᠸᠠᠢ ᠵᠡᠭᠡᠯᠢ ᠶᠢᠨ 11 ᠳ᠋ᠦᠭᠡᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00   14᠄ 00 — 17᠄ 00    ᠬᠠᠷᠢᠯᠴᠠᠬᠤ ᠬᠡᠯᠪᠡᠷᠢ᠄ 0470 — 3267599    ᠬᠠᠷᠢᠭᠤᠴᠠᠯᠭᠠᠲᠠᠨ ᠤ ᠣᠪᠣᠭ ᠨᠡᠷ᠎ᠡ᠄ ᠯᠢᠨ ᠪᠦᠦ ᠶᠦᠩ    ︵ᠬᠤᠶᠠᠷ︶ ᠤᠰᠤᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠲᠥᠪ ︵ᠬᠠᠷᠢᠶ᠎ᠠ ᠨᠢᠭᠡᠴᠡ ᠶᠢᠨ ᠲᠠᠰ ᠤᠨ︶ ᠵᠠᠯᠠᠨ ᠠᠶᠢᠯ ᠬᠤᠲᠠ ᠶᠢᠨ ᠤᠰᠤᠨ ᠤ ᠡᠬᠢ ᠪᠠᠶᠠᠯᠢᠭ ᠤᠨ ᠦᠶ᠋ᠯᠡᠴᠢᠯᠡᠭᠡᠨ ᠤ ᠲᠥᠪ ᠨᠢ ᠨᠠᠮ ᠤᠨ ᠲᠥᠪ ᠬᠤᠷᠢᠶ᠎ᠠ ᠶᠢᠨ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠤᠨ᠎ᠠ᠃    ᠭᠤᠣᠯ ᠡᠭᠦᠷᠭᠡ ᠬᠠᠷᠢᠭᠤᠴᠠᠯᠭ᠎ᠠ    ︵1︶ ᠪᠥᠬᠦ ᠬᠤᠲᠠ ᠶᠢᠨ ᠬᠥᠷᠥᠰᠥ ᠰᠢᠷᠣᠶ ᠶᠢᠨ ᠢᠳᠡᠭᠳᠡᠯ ᠢ ᠪᠠᠶᠢᠴᠠᠭᠠᠬᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠵᠤ ᠦᠨᠡᠯᠡᠬᠦ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃    ︵2︶ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃    ︵3︶ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠤᠨ ᠬᠠᠮᠤᠭ ᠤᠨ ᠴᠢᠩᠭ᠎ᠠ ᠬᠠᠮᠢᠶ᠎ᠠ ᠪᠥᠬᠦᠶ ᠠᠵᠢᠯ᠂ ᠤᠰᠤᠨ ᠤ ᠡᠷᠬᠡ ᠶᠢ ᠬᠤᠷᠢᠶᠠᠨ ᠬᠠᠳᠠᠭᠠᠯᠠᠵᠤ ᠰᠢᠯᠵᠢᠭᠦᠯᠦᠨ ᠥᠭᠬᠦ ᠪᠠ ᠠᠷᠠᠯᠵᠢᠶᠠᠯᠠᠬᠤ᠂ ᠤᠰᠤ ᠶᠢ ᠠᠷᠪᠢᠯᠠᠵᠤ ᠬᠡᠷᠡᠭᠯᠡᠬᠦ ᠵᠢᠴᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃    ︵4︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ ᠮᠢᠩ ᠶᠤᠸᠠᠢ ᠵᠡᠭᠡᠯᠢ ᠶᠢᠨ 11 ᠳ᠋ᠦᠭᠡᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00 14᠄ 00 — 17᠄ 00    ᠬᠠᠷᠢᠯᠴᠠᠬᠤ ᠬᠡᠯᠪᠡᠷᠢ᠄ 0470 — 3260697    ᠬᠠᠷᠢᠭᠤᠴᠠᠯᠭᠠᠲᠠᠨ ᠤ ᠤᠪᠤᠭ ᠨᠡᠷ᠎ᠡ᠄ ᠴᠧᠨ ᠸᠧᠶ ᠬᠠᠶ    ︵ᠭᠤᠷᠪᠠ︶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ︵ᠬᠠᠷᠢᠶ᠎ᠠ ᠨᠢᠭᠡᠴᠡ ᠶᠢᠨ ᠰᠲ᠋ᠣᠺ ᠤᠨ ᠲᠡᠰ︶      ᠭᠤᠣᠯ ᠡᠭᠦᠷᠭᠡ ᠬᠠᠷᠢᠭᠤᠴᠠᠯᠭ᠎ᠠ     ︵1︶ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠶᠡᠷᠦᠩᠬᠡᠶᠢᠯᠡᠭᠰᠡᠨ ᠮᠡᠷᠭᠡᠵᠢᠯ ᠤᠨ ᠦᠢᠯᠡᠴᠢᠯᠡᠭᠡ ᠪᠠ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃     ︵2︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃     ᠠᠵᠢᠯᠯᠠᠬᠤ ᠬᠠᠶ᠋ᠢᠭ᠄ ᠵᠠᠯᠠᠨ ᠠᠶᠢᠯ ᠬᠤᠲᠠ ᠶᠢᠨ ᠮᠢᠩ ᠶᠤᠸᠠᠢ ᠵᠡᠭᠡᠯᠢ ᠶᠢᠨ 11 ᠳ᠋ᠦᠭᠡᠷ ᠨᠣᠮᠧᠷ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00   14᠄ 00 — 17᠄ 00    ᠬᠠᠷᠢᠯᠴᠠᠬᠤ ᠬᠡᠯᠪᠡᠷᠢ᠄ 0470 — 3260111    ᠬᠠᠷᠢᠭᠤᠴᠠᠯᠭᠠᠲᠠᠨ ᠤ ᠤᠪᠤᠭ ᠨᠡᠷ᠎ᠡ᠄ ᠸᠠᠩ ᠰᠢ‌‍ᠴᠧᠨ  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ