ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠴᠢᠨ ᠬᠡᠷᠡᠭᠯᠡᠬᠦ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/26
    ᠣᠶᠢᠷ᠎ᠠ ᠳᠤ᠂ ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ ᠠᠵᠢᠯᠴᠢᠨ ᠬᠡᠷᠡᠭᠯᠡᠬᠦ ᠶᠢ ᠵᠢᠷᠤᠮᠵᠢᠭᠤᠯᠬᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠭᠤᠤᠯᠳᠠᠭᠤ ᠬᠥᠳᠡᠯᠮᠦᠷᠢ ᠬᠦᠴᠦᠨ ᠲᠥᠪᠯᠡᠷᠡᠭᠰᠡᠨ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠠᠵᠢᠯ ᠲᠥᠷᠥᠯ ᠤᠨ ᠲᠣᠭᠤᠷᠢᠨ ᠳᠤ᠂ ᠬᠥᠳᠡᠯᠮᠦᠷᠢ ᠶᠢᠨ ᠭᠡᠷ᠎ᠡ ᠲᠣᠭᠲᠠᠭᠰᠠᠨ᠂ ᠴᠠᠯᠢᠩ ᠥᠭᠭᠦᠭᠰᠡᠨ᠂ ᠬᠡᠤᠬᠡᠳ ᠠᠵᠢᠯᠴᠢᠨ ᠢ ᠬᠠᠤᠯᠢ ᠪᠤᠰᠤ ᠪᠠᠷ ᠬᠡᠷᠡᠭᠯᠡᠭᠰᠡᠨ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠣᠲᠣ ᠪᠣᠯᠲᠠᠯ᠎ᠠ᠂ ᠨᠡᠶᠢᠲᠡ 42 ᠬᠥᠮᠦᠨ ᠬᠡᠷᠡᠭᠯᠡᠬᠦ ᠨᠢᠭᠡᠴᠡ ᠶᠢ ᠪᠠᠶᠢᠴᠠᠭᠠᠵᠤ᠂ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ 42 ᠬᠤᠪᠢ ᠪᠠᠭᠤᠯᠭᠠᠵᠤ᠂ 300 ᠭᠠᠷᠤᠶ ᠬᠥᠳᠡᠯᠮᠦᠷᠢᠴᠢᠨ ᠳᠤ ᠬᠤᠯᠪᠣᠭᠳᠠᠭᠰᠠᠨ ᠪᠠᠶᠢᠨ᠎ᠠ᠃    ᠪᠠᠶᠢᠴᠠᠭᠠᠯᠲᠠ ᠪᠠᠷ ᠳᠠᠮᠵᠢᠭᠠᠳ ᠬᠥᠮᠦᠨ ᠬᠡᠷᠡᠭᠯᠡᠬᠦ ᠨᠢᠭᠡᠴᠢ ᠶᠢᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠭᠰᠠᠨ ᠤ ᠬᠠᠮᠲᠤ ᠬᠥᠮᠦᠨ ᠬᠡᠷᠡᠭᠯᠡᠬᠦ ᠨᠢᠭᠡᠴᠢ ᠶᠢᠨ ᠬᠠᠷᠢᠭᠤᠴᠠᠯᠭᠠᠲᠠᠨ ᠪᠠ ᠬᠥᠳᠡᠯᠮᠦᠷᠢᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ︾᠂ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠪᠠ ᠬᠥᠳᠡᠯᠮᠦᠷᠢᠴᠢᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃    ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠦᠨ ᠬᠡᠷᠡᠭᠯᠡᠬᠦ ᠨᠢᠭᠡᠴᠡ ᠳᠠᠬᠢ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ