ᠵᠠᠯᠠᠨ ᠠᠶᠢᠯ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/6/26
    ᠵᠠᠯᠠᠨ ᠠᠶᠢᠯ ᠬᠤᠲᠠ ᠶᠢᠨ ᠬᠢᠨᠠᠨ ᠪᠤᠳᠤᠬᠤ ᠲᠣᠪᠴᠢᠶ᠎ᠠ ︵ᠬᠤᠲᠠ ᠶᠢᠨ ᠬᠢᠨᠠᠨ ᠪᠤᠳᠤᠬᠤ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠢ ᠬᠤᠲᠠ ᠶᠢᠨ ᠬᠢᠨᠠᠨ ᠪᠤᠳᠤᠬᠤ ᠲᠣᠪᠴᠢᠶ᠎ᠠ ᠳᠤ ᠪᠠᠶᠢᠷᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃      1.ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠢᠨᠠᠨ ᠪᠤᠳᠤᠬᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠦᠦᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠬᠢᠨᠠᠨ ᠪᠤᠳᠤᠬᠤ ᠠᠵᠢᠯ ᠤᠨ ᠲᠦᠷᠦ ᠶᠢᠨ ᠪᠤᠳᠤᠯᠭ᠎ᠠ ᠪᠠ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠬᠤ ᠬᠡᠷᠡᠭᠲᠡᠶ᠃    ︵ᠬᠤᠶᠠᠷ︶ ᠪᠥᠬᠦ ᠬᠤᠲᠠ ᠶᠢᠨ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠪᠥᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠠᠢ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠵᠡᠷᠭᠡ ᠶᠢᠨ ᠬᠢᠨᠠᠨ ᠪᠤᠳᠤᠯᠲᠠ ᠶᠢᠨ ᠪᠦᠬᠦᠨ ᠢ ᠬᠠᠮᠤᠷᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠵᠠᠯᠠᠨ ᠠᠶᠢᠯ ᠬᠤᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠦᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠢᠨᠠᠨ ᠪᠤᠳᠤᠬᠤ᠂ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ᠎ᠠ᠃    ︵ᠭᠤᠷᠪᠠ︶ ᠬᠢᠨᠠᠨ ᠪᠤᠳᠤᠭᠰᠠᠨ ᠮᠡᠳᠡᠭᠦᠯᠦᠯᠲᠡ ᠳᠤᠷᠠᠳᠬᠤ ᠪᠠ ᠬᠢᠨᠠᠨ ᠪᠤᠳᠤᠭᠰᠠᠨ ᠦᠷ᠎ᠡ  ᠳ᠋ᠦᠩ ᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ᠂ ᠬᠤᠲᠠ ᠶᠢᠨ ᠵᠠᠰᠠᠭ ᠤᠨ ᠣᠷᠳᠣᠨ ᠳᠤ ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠪᠤᠰᠤᠳ ᠤᠴᠢᠷ ᠶᠠᠪᠤᠳᠠᠯ ᠤᠨ ᠲᠤᠬᠠᠶ ᠬᠢᠨᠠᠨ ᠪᠣᠳᠣᠯᠲᠠ ᠪᠠ ᠲᠤᠰᠬᠠᠶ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠢᠨᠠᠨ ᠪᠤᠳᠤᠭᠰᠠᠨ ᠪᠠᠶᠢᠳᠠᠯ ᠪᠣᠯᠤᠨ ᠬᠢᠨᠠᠨ ᠪᠤᠳᠤᠭᠰᠠᠨ ᠦᠷ᠎ᠡ ᠳ᠋ᠦᠩ ᠢᠶᠠᠨ ᠮᠡᠳᠡᠭᠳᠡᠬᠦ ᠬᠡᠷᠡᠭᠲᠡᠶ᠃    ︵ᠲᠦᠷᠪᠡ︶ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠬᠢᠨᠠᠨ ᠪᠤᠳᠦᠬᠰᠡᠠ ᠲᠣᠭᠲᠠᠭᠠᠯ ᠭᠠᠷᠭᠠᠵᠤ᠂ ᠬᠢᠨᠠᠨ ᠪᠤᠳᠦᠬᠰᠡᠠ ᠮᠡᠳᠡᠭᠦᠯᠦᠯᠲᠡ ᠪᠢᠴᠢᠵᠦ ᠥᠭᠭᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠵᠠᠯᠠᠨ ᠠᠶᠢᠯ ᠬᠤᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠦᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠳᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠰᠤᠮᠤ ᠪᠠᠯᠭᠠᠰᠤᠨ ᠤ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ᠂ ᠳᠡᠭᠡᠳᠦ ᠱᠠᠲᠤᠨ ᠤ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠪᠡᠯᠡ ᠮᠥᠩᠭᠦ︔ ᠳᠡᠭᠡᠳᠦ ᠱᠠᠲᠤᠨ ᠤ ᠪᠠ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠤᠨ ᠪᠠᠯᠠ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ᠂ ᠬᠥᠯᠥᠨ ᠪᠤᠶᠢᠷ ᠬᠤᠲᠠ ᠶᠢᠨ ᠪᠠᠯᠠ ᠣᠷᠣᠭᠤᠯᠤᠯᠲᠠ᠂ ᠵᠠᠯᠠᠨ ᠠᠶᠢᠯ ᠬᠤᠲᠠ ᠶᠢᠨ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠵᠠᠯᠠᠨ ᠠᠶᠢᠯ ᠬᠤᠲᠠ ᠶᠢᠨ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠭᠡᠯ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠨᠢᠭᠡᠴᠡ ᠶᠢᠨ ᠥᠪᠡᠷᠲᠡᠭᠡᠨ ᠪᠡᠯᠡᠳᠬᠡᠭᠰᠡᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ︔ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠳᠠ ᠶᠢᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤᠯᠤᠰ ᠤᠨ ᠥᠮᠴᠢᠯᠡᠯ ᠤᠨ ᠬᠦᠷᠦᠩᠭᠡ ᠨᠢ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ᠵᠡᠷᠭᠡ ᠳᠤ ᠬᠢᠨᠠᠨ ᠪᠤᠳᠤᠯᠳᠠ ᠶᠢᠨ ᠲᠣᠭᠲᠠᠭᠠᠯ ᠭᠠᠷᠭᠠᠨ᠎ᠠ᠃    ︵ᠲᠠᠪᠤ︶ ᠲᠣᠭᠲᠠᠭᠠᠯ ᠶᠣᠰᠣᠭᠠᠷ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠶᠢᠭ᠎ᠠ︶ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃    ︵ᠵᠢᠷᠭᠤᠭ᠎ᠠ︶ ᠬᠢᠨᠠᠨ ᠪᠤᠳᠤᠯᠳᠠ ᠶᠢᠨ ᠪᠠᠶᠢᠴᠠᠭᠠᠯᠲᠠ ᠶᠢᠨ ᠠᠵᠢᠯ  ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠬᠢᠨᠠᠨ ᠪᠤᠳᠤᠯᠳᠠ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠤᠨ ᠲᠤᠰᠬᠠᠶ ᠵᠦᠢᠯ ᠤᠨ ᠬᠢᠨᠠᠨ ᠪᠤᠳᠤᠯᠳᠠ ᠶᠢ ᠬᠠᠷᠢᠭᠤᠴᠠᠨ᠎ᠠ᠃    ︵ᠳᠣᠯᠤᠭ᠎ᠠ︶ ᠬᠢᠨᠠᠨ ᠪᠤᠳᠤᠵᠤ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠤᠳᠤᠯᠲᠠ ᠶᠢ ᠬᠦᠯᠢᠶᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠬᠤᠲᠠ ᠶᠢᠨ ᠵᠠᠰᠠᠭ ᠤᠨ ᠣᠷᠳᠣᠨ ᠤ ᠲᠠᠰᠤᠯᠤᠯᠲᠠ ᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ ᠶᠡᠭᠡ ᠬᠡᠷᠡᠭ ᠢ ᠪᠠᠶᠢᠴᠠᠭᠠᠨ  ᠰᠢᠢᠳᠪᠦᠷᠢᠯᠡᠨ᠎ᠡ᠃    ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃    ︵ᠶᠢᠰᠦ︶ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠪᠥᠬᠦ ᠬᠤᠲᠠ ᠶᠢᠨ ᠬᠢᠨᠠᠨ ᠪᠤᠳᠤᠬᠤ ᠬᠦᠷᠢᠶᠡᠨ ᠳᠠᠬᠢ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃    ︵ᠠᠷᠪᠠ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠲᠠ ᠶᠢᠨ ᠬᠢᠨᠠᠨ ᠪᠤᠳᠤᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠬᠢᠨᠠᠨ ᠪᠤᠳᠤᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃    2.ᠳᠣᠲᠣᠭᠠᠳᠤ ᠪᠠᠶᠢᠭᠤᠯᠤᠮᠵᠢ᠄    ︵ᠨᠢᠭᠡ︶ ᠵᠠᠰᠠᠭ ᠵᠠᠬᠢᠷᠭᠠᠨ ᠤ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠤᠶᠤᠨ ᠤ ᠪᠣᠯᠪᠠᠰᠤᠨ᠂ ᠦᠵᠡᠯ ᠤᠬᠠᠮᠰᠠᠷ ᠤᠨ ᠬᠡᠯᠪᠡᠷᠢ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠡᠳ᠋ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ ᠬᠤᠷᠠᠯ ᠤᠨ ᠵᠣᠬᠢᠶᠠᠨ ᠪᠠᠶᠢᠭᠤᠯᠤᠯᠲᠠ ᠪᠠ ᠴᠢᠬᠤᠯᠠ ᠬᠤᠷᠠᠯ ᠤᠨ ᠮᠠᠲ᠋ᠧᠷᠢᠶᠠᠯ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠬᠤ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ᠂ ᠬᠠᠷᠢᠶ᠎ᠠ ᠪᠥᠬᠦᠶ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠪᠣᠯᠪᠠᠰᠤᠷᠠᠭᠤᠯᠤᠯ᠂ ᠬᠥᠳᠡᠯᠮᠦᠷᠢ ᠶᠢᠨ ᠴᠠᠯᠢᠩ᠂ ᠣᠨ ᠤ ᠰᠢᠯᠭᠠᠨ ᠬᠢᠨᠠᠬᠤ ᠪᠠ ᠬᠢᠨᠠᠨ ᠪᠤᠳᠤᠬᠤ ᠲᠤᠰᠬᠠᠶ ᠮᠡᠷᠭᠡᠵᠢᠯ ᠤᠨ ᠴᠣᠯᠠ ᠶᠢ ᠰᠢᠯᠭᠠᠨ ᠦᠨᠡᠯᠡᠬᠦ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠤᠯᠭ᠎ᠠ᠂ ᠬᠠᠷᠢᠶ᠎ᠠ ᠪᠥᠬᠦᠶ ᠠᠵᠢᠯ  ᠦᠢᠯᠡᠰ ᠤᠨ ᠨᠢᠭᠡᠴᠡ ᠶᠢᠨ ᠠᠵᠢᠯ ᠠᠴᠠ ᠪᠠᠨ ᠳᠠᠷᠬᠠᠯᠠᠭᠳᠠᠭᠰᠠᠨ  ᠠᠵᠢᠯ ᠢ ᠬᠠᠷᠢᠭᠤᠴᠠᠨ᠎ᠠ᠃    ︵ᠬᠤᠶᠠᠷ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠨᠠᠷᠢᠨ ᠪᠢᠴᠢᠭᠡᠴᠢ ᠶᠢᠨ ᠠᠯᠪᠠᠨ ᠬᠡᠷ᠃ ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ᠂ ᠳᠣᠭᠢᠷᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠬᠢᠨᠠᠨ ᠪᠤᠳᠤᠬᠤ ᠲᠥᠷᠥᠯ  ᠵᠦᠢᠯ ᠤᠨ ᠲᠤᠭ᠎ᠠ ᠪᠠᠷᠢᠮᠲᠠ ᠶᠢ ᠪᠦᠷᠢᠳᠬᠡᠬᠦ ᠪᠠ ᠵᠠᠳᠠᠯᠬᠤ ᠠᠵᠢᠯ ᠢ ᠬᠠᠷᠢᠭᠤᠴᠠᠨ᠎ᠠ᠃ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠭᠦᠢᠴᠡᠳᠭᠡᠬᠦ ᠶᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠬᠢᠨᠠᠨ ᠪᠤᠳᠤᠬᠤ ᠠᠵᠢᠯ ᠤᠨ ᠤᠬᠠᠭᠤᠯᠭ᠎ᠠ ᠪᠠ ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠳᠠᠮᠵᠢᠭᠤᠯᠬᠤ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃    ︵ᠭᠤᠷᠪᠠ︶ ᠬᠠᠤᠯᠢ ᠲᠦᠷᠢᠮ ᠤᠨ ᠰᠢᠭᠦᠯᠲᠡ ᠶᠢᠨ ᠠᠯᠪᠡᠨ ᠭᠡᠷ᠃  ᠵᠢᠷᠤᠮᠵᠢᠯ ᠤᠨ ᠴᠢᠨᠠᠷᠲᠡᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ  ᠴᠢᠨᠠᠷ  ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠪᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠪᠠᠷ‌ᠵᠠᠷᠭᠤ ᠬᠦᠯᠢᠶᠡᠯᠭᠡᠬᠦ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠵᠣᠬᠢᠴᠠᠭᠤᠯᠬᠤ ᠶᠢ ᠬᠠᠷᠢᠭᠤᠴᠠᠨ᠎ᠠ ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ᠳᠣᠲᠣᠭᠠᠳᠤ ᠶᠢᠨ ᠬᠢᠨᠠᠨ ᠪᠤᠳᠤᠬᠤ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠳᠣᠲᠣᠭᠠᠳᠤ ᠶᠢᠨ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠠᠶᠢᠴᠠᠭᠠᠨ᠎ᠠ᠃ ᠪᠥᠬᠦ ᠬᠤᠲᠠ ᠶᠢᠨ ᠬᠢᠨᠠᠨ ᠪᠤᠳᠤᠬᠤ ᠲᠥᠷᠥᠯ  ᠵᠦᠢᠯ ᠤᠨ ᠬᠠᠮᠢᠶᠠᠷᠤᠯᠲᠠ ᠪᠠ ᠠᠳᠠᠯᠢᠳᠬᠠᠨ ᠰᠢᠯᠭᠠᠷᠠᠭᠤᠯᠬᠤ ᠵᠡᠷᠭᠡ ᠲᠦᠷᠢᠮ ᠲᠣᠭᠲᠠᠭᠠᠯ ᠢ ᠰᠤᠳᠤᠯᠤᠨ ᠲᠣᠭᠲᠠᠭᠠᠵᠤ᠂ ᠪᠥᠬᠦ ᠬᠤᠲᠠ ᠶᠢᠨ ᠰᠢᠯᠢᠳᠡᠭ ᠬᠢᠨᠠᠨ ᠪᠤᠳᠤᠬᠤ ᠲᠥᠷᠥᠯ  ᠵᠦᠢᠯ ᠤᠨ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠬᠢᠨᠠᠨ ᠪᠤᠳᠤᠬᠤ ᠵᠦᠢᠯᠡᠰ ᠢ ᠰᠢᠭᠦᠨ  ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠭᠠᠷᠭᠠᠭᠰᠠᠨ ᠬᠢᠨᠠᠨ ᠪᠣᠳᠣᠭᠰᠠᠨ ᠪᠢᠴᠢᠭ ᠬᠠᠷ᠎ᠠ ᠶᠢ ᠵᠣᠬᠢᠶᠠᠨ ᠪᠠᠶᠢᠭᠤᠯᠤᠨ ᠰᠢᠭᠦᠨ᠎ᠡ᠃ ᠬᠥᠯᠥᠨ ᠪᠤᠶᠢᠷ ᠬᠤᠲᠠ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠯᠭᠠᠭᠤᠯᠤᠨ ᠰᠠᠶᠢᠲᠤᠷ ᠬᠢᠵᠦ᠂ ᠲᠦᠷ ᠴᠠᠭ ᠲᠤᠰᠢᠶᠠᠭᠰᠠᠨ ᠪᠤᠰᠤᠳ ᠠᠵᠢᠯ ᠢ ᠳᠠᠭᠠᠭᠠᠨ  ᠭᠦᠢᠴᠡᠳᠭᠡᠵᠦ ᠤᠳᠤᠷᠢᠳᠤᠨ᠎ᠠ᠃    ︵ᠳᠥᠷᠪᠡ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠬᠢᠨᠠᠨ ᠪᠤᠳᠤᠬᠤ ᠠᠯᠪᠠᠨ ᠬᠡᠷ᠃ ᠬᠤᠳᠠ ᠶᠢᠨ ᠲᠤᠰ ᠱᠠᠲᠤᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠰᠤᠮᠤ ᠪᠠᠯᠭᠠᠰᠤᠨ ᠤ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠤᠨ ᠲᠥᠰᠦᠪ ᠢ ᠭᠦᠢᠴᠡᠳᠬᠡᠭᠰᠡᠨ᠂ ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠵᠣᠬᠢᠶᠠᠨ ᠪᠠᠶᠢᠭᠤᠯᠵᠤ ᠬᠢᠨᠠᠨ ᠪᠣᠳᠣᠭᠤᠯᠤᠨ᠎ᠠ᠃ ᠬᠤᠲᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠬᠦ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠣᠳᠣᠬᠤ ᠠᠵᠢᠯ ᠤᠨ ᠲᠥᠰᠦᠯ ᠪᠠ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠣᠳᠣᠬᠤ ᠠᠵᠢᠯ ᠤᠨ ᠲᠥᠰᠦᠯ ᠢ ᠲᠤᠭᠤᠷᠪᠢᠨ᠎ᠠ᠃ ᠬᠤᠳᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠭᠤᠷᠪᠢᠨ ᠪᠢᠴᠢᠨ᠎ᠡ᠃ ᠬᠤᠲᠠ ᠶᠢᠨ ᠵᠠᠰᠠᠭ ᠤᠨ ᠣᠷᠳᠣᠨ ᠢ ᠣᠷᠣᠯᠠᠨ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ ᠪᠠ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠲᠣᠬᠢᠷᠠᠭᠤᠯᠤᠯᠲᠠ ᠶᠣᠰᠣᠭᠠᠷ ᠬᠤᠲᠠ ᠶᠢᠨ ᠲᠣᠰ ᠱᠠᠲᠤᠨ ᠤ ᠪᠠ ᠰᠢᠰᠲ᠋ᠧᠮ ᠤᠨ ᠭᠠᠶᠢᠯᠢ  ᠰᠦᠢᠳᠭᠡᠯ ᠤᠨ ᠲᠠᠲᠠᠪᠤᠷᠢᠯᠠᠯᠲᠠ ᠬᠠᠮᠢᠶᠠᠷᠤᠯᠲᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠬᠤᠲᠠ ᠶᠢᠨ ᠤᠯᠤᠰ ᠤᠨ ᠥᠮᠴᠢᠯᠡᠯᠲᠦ ᠮᠥᠩᠭᠦᠨ  ᠭᠦᠢᠯᠭᠡᠭᠡᠨ ᠤ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠬᠦ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ᠂ ᠣᠯᠵᠠᠪᠤᠷᠢ ᠠᠯᠳᠠᠪᠤᠷᠢ᠂ ᠡᠵᠡᠩᠨᠡᠯᠲᠡ ᠪᠠ ᠬᠠᠮᠢᠶᠠᠷᠤᠯᠲᠠ ᠶᠢᠨ ᠪᠠᠶᠢᠳᠠᠯ ᠢ ᠬᠢᠨᠠᠨ ᠪᠤᠳᠤᠬᠤ ᠶᠢ ᠵᠣᠬᠢᠶᠠᠨ ᠪᠠᠶᠢᠭᠤᠯᠤᠨ᠎ᠠ᠃ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ᠢ  ᠵᠤᠬᠢᠶᠠᠨ ᠪᠠᠶᠢᠭᠤᠯᠤᠨ ᠬᠢᠨᠠᠨ ᠪᠤᠳᠤᠨ᠎ᠠ᠃    ︵ᠲᠠᠪᠤ︶ ᠵᠠᠰᠠᠭ ᠵᠠᠬᠢᠷᠭ᠎ᠠ ᠠᠵᠢᠯ ᠦᠢᠯᠡᠰ ᠤᠨ ᠬᠢᠨᠠᠨ ᠪᠤᠳᠤᠬᠤ ᠠᠯᠪᠠᠨ ᠬᠡᠷ᠃ ᠪᠦᠬᠦ ᠬᠤᠳᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠤᠳᠠ ᠶᠢᠨ ᠡᠳ᠋ ᠤᠨ ᠵᠠᠰᠠᠭ ᠤᠨ ᠵᠣᠭᠤᠰ ᠰᠠᠯᠭᠠᠨ ᠥᠭᠬᠦ ᠬᠠᠷᠢᠴᠠᠭ᠎ᠠ ᠲᠠᠢ ᠨᠠᠮ ᠪᠦᠯᠦᠭ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠬᠤᠯᠪᠣᠭᠳᠠᠯ ᠪᠦᠬᠦᠢ ᠲᠤᠰᠬᠠᠶ ᠵᠦᠢᠯ ᠤᠨ ᠪᠡᠯᠡ ᠮᠥᠩᠭᠦ ᠶᠢ ᠬᠢᠨᠠᠨ ᠪᠤᠳᠤᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠰᠠᠯᠠᠭ᠎ᠠ ᠮᠥᠴᠢᠷ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠬᠤᠯᠪᠣᠭᠳᠠᠯ ᠪᠦᠬᠦᠢ ᠲᠤᠰᠬᠠᠶ ᠵᠦᠢᠯ ᠤᠨ ᠪᠡᠯᠡ ᠮᠥᠩᠭᠦ ᠶᠢ ᠬᠤᠲᠠ ᠶᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠬᠤᠯᠪᠣᠭᠳᠠᠯ ᠪᠥᠬᠦᠶ ᠲᠤᠰᠬᠠᠶ ᠪᠠᠯᠠ ᠮᠥᠩᠭᠦ ᠶᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠬᠠᠮᠢᠶ᠎ᠠ ᠪᠥᠬᠦᠶ ᠲᠤᠰᠬᠠᠶ  ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠳᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠬᠦᠷᠦᠩᠭᠡ ᠶᠢᠨ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠤᠨ ᠡᠳ᠋ ᠬᠦᠷᠦᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠵᠢᠴᠢ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠠᠵᠤ ᠠᠬᠤᠶ ᠶᠢᠨ ᠦᠷ᠎ᠡ ᠠᠰᠢᠭ ᠵᠡᠷᠭᠡ ᠶᠢ ᠬᠢᠨᠠᠨ ᠪᠤᠳᠤᠬᠤ ᠪᠠ ᠬᠢᠨᠠᠨ ᠪᠤᠳᠤᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠬᠥᠷᠥᠩᠭᠡ᠂ ᠡᠳ᠋ ᠬᠥᠷᠥᠩᠭᠡ ᠶᠢᠨ ᠡᠵᠡᠩᠨᠡᠯᠲᠡ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠤ ᠠᠬᠤᠶᠢᠯᠠᠯ ᠤᠨ ᠬᠢᠨᠠᠭᠴᠢᠳ ᠤᠨ ᠵᠥᠪᠯᠡᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠵᠢᠷᠭᠤᠭ᠎ᠠ︶ ᠲᠠᠷᠢᠶᠠᠯᠠᠩ ᠬᠥᠳᠡᠭᠡ ᠲᠣᠰᠬᠤᠨ ᠤ ᠬᠢᠨᠠᠨ ᠪᠤᠳᠤᠬᠤ ᠠᠯᠪᠠᠨ ᠬᠡᠷ᠃ ᠬᠤᠳᠠ ᠶᠢᠨ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠡᠪᠡᠰᠦ ᠪᠡᠯᠴᠢᠭᠡᠷ᠂ ᠤᠰᠤᠨ ᠠᠰᠢᠭᠯᠠᠯᠲᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠶᠠᠳᠠᠭᠤ ᠶᠢ ᠲᠡᠳᠬᠦᠬᠦ᠂ ᠠᠮᠤ ᠪᠤᠳᠠᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠬᠤᠯᠪᠣᠭᠳᠠᠯ ᠪᠦᠬᠦᠢ ᠲᠤᠰᠬᠠᠶ ᠵᠦᠢᠯ ᠤᠨ ᠪᠡᠯᠡ ᠮᠥᠩᠭᠦ ᠶᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃    ︵ᠳᠣᠯᠤᠭ᠎ᠠ︶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠬᠢᠨᠠᠨ ᠪᠤᠳᠤᠬᠤ ᠠᠯᠪᠠᠨ ᠬᠡᠷ᠃ ᠬᠤᠲᠠ ᠶᠢᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠬᠤᠲᠠ ᠶᠢᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ ᠲᠥᠰᠦᠪ ᠤᠨ ᠭᠦᠢᠴᠡᠳᠭᠡᠯ ᠵᠢᠴᠢ ᠬᠠᠮᠢᠶ᠎ᠠ ᠪᠥᠬᠦᠶ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠢᠨᠵᠧᠨᠧᠷᠢᠩ ᠢ ᠬᠢᠨᠠᠨ ᠪᠤᠳᠤᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠴᠢᠬᠤᠯᠠ ᠶᠡᠭᠡ ᠲᠥᠷᠥᠯ  ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠦᠦᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢ ᠳᠣᠭᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠳᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠬᠤᠳᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠡᠵᠡᠩᠨᠡᠯᠲᠡ ᠶᠢᠨ ᠴᠢᠨᠠᠷᠲᠠᠶ ᠴᠢᠬᠤᠯᠠ ᠶᠡᠭᠡ ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ ᠵᠢᠴᠢ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠨᠢᠭᠡᠴᠢ ᠶᠢᠨ ᠥᠪᠡᠷ ᠢᠶᠠᠨ ᠪᠡᠯᠡᠳᠬᠡᠭᠰᠡᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠ ᠪᠦᠳᠦᠭᠡᠨ ᠪᠠᠶᠢᠭᠤᠯᠵᠤ ᠡᠵᠡᠩᠨᠡᠭᠰᠡᠨ ᠪᠠᠶᠢᠳᠠᠯ ᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠡᠷᠬᠡ ᠣᠯᠭᠤᠭᠰᠠᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠪᠠᠷᠢᠯᠭ᠎ᠠ ᠶᠢᠨ ᠠᠵᠤ ᠠᠬᠤᠶᠢᠯᠠᠯ ᠳᠤ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ᠎ᠠ᠃    ︵ᠨᠠᠢᠮᠠ︶ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠤᠳᠤᠬᠤ ᠠᠯᠪᠠᠨ ᠬᠡᠷ᠃ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠤᠰᠤᠳ ᠨᠢᠭᠡᠴᠡ ᠶᠢᠨ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠠᠵᠢᠯ ᠠᠴᠠ ᠪᠣᠯᠤᠭᠰᠠᠨ ᠭᠡᠮᠲᠦᠯ ‍ᠤᠨ‌‍ᠲ᠋ᠠᠭᠠᠳᠬᠠᠯ  ᠤᠨ ᠰᠠᠭᠤᠷᠢ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ  ᠤᠨ ᠰᠠᠭᠤᠷᠢ ᠮᠥᠩᠭᠦ᠂ ᠤᠨ ᠣᠷᠣᠯᠭ᠎ᠠ ᠵᠠᠷᠤᠯᠭ᠎ᠠ ᠵᠡᠷᠭᠡ ᠶᠢ ᠬᠢᠨᠠᠨ ᠪᠤᠳᠤᠬᠤ ᠪᠠ ᠬᠢᠨᠠᠨ ᠪᠤᠳᠤᠵᠤ ᠪᠠᠶᠢᠴᠠᠭᠠᠬᠤ  ᠶᠢ ᠵᠤᠬᠢᠶᠠᠨ ᠪᠠᠶᠢᠭᠤᠯᠵᠤ ᠦᠷᠨᠢᠭᠦᠯᠦᠨ᠎ᠡ᠃    ︵ᠶᠢᠰᠦ︶ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠪᠤᠳᠤᠬᠤ ᠠᠯᠪᠠᠨ ᠬᠡᠷ᠃ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ ᠪᠤᠳᠤᠯᠲᠠ ᠵᠢᠴᠢ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠣᠶ ᠰᠢᠭᠤᠶ᠂ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠪᠠᠶᠢᠳᠠᠯ ᠤᠨ ᠬᠢᠨᠠᠨ ᠪᠤᠳᠤᠯᠲᠠ ᠪᠠ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠵᠠᠯᠠᠨ ᠠᠶᠢᠯ ᠬᠤᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠦᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠤᠳᠤᠯᠲᠠ ᠬᠢᠬᠦ ᠶᠢ ᠵᠣᠬᠢᠶᠠᠨ ᠪᠠᠶᠢᠭᠤᠯᠤᠨ᠎ᠠ᠃    ︵ᠠᠷᠪᠠ︶ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠯᠪᠠᠨ ᠬᠡᠷ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠭᠤᠤᠯ ᠤᠳᠤᠷᠢᠳᠬᠤ ᠺᠠᠳ᠋ᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠥᠬᠦᠶ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠦᠷᠢᠮ᠂ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠵᠤ ᠰᠢᠯᠭᠠᠨ ᠬᠢᠨᠠᠵᠤ ᠦᠨᠡᠯᠡᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠬᠥᠯᠥᠨ ᠪᠤᠶᠢᠷ ᠬᠤᠲᠠ ᠶᠢᠨ ᠬᠢᠨᠠᠨ ᠪᠤᠳᠤᠬᠤ ᠲᠣᠪᠴᠢᠶ᠎ᠠ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠣᠨ ᠤ ᠠᠵᠢᠯ ᠤᠨ ᠳ᠋ᠦᠩᠨᠡᠯᠲᠡ ᠶᠢᠨ ᠠᠵᠢᠯ ᠢᠶᠠᠨ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ ᠬᠤᠲᠠ ᠶᠢᠨ ᠲᠣᠰ ᠱᠠᠲᠤᠨ ᠤ ᠲᠥᠰᠦᠪ ᠤᠨ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠥᠮᠦᠨ ᠤ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠮᠢᠶ᠎ᠠ ᠪᠥᠬᠦᠶ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠦᠷᠢᠮ᠂ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠯᠠᠨ ᠠᠶᠢᠯ ᠬᠤᠲᠠ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃    ︵ᠠᠷᠪᠠᠨ ᠨᠢᠭᠡ︶ ᠡᠯᠧᠺᠲᠷᠣᠨ ᠲᠤᠭ᠎ᠠ ᠪᠠᠷᠢᠮᠲᠠ ᠶᠢ ᠬᠢᠨᠠᠨ ᠪᠤᠳᠤᠬᠤ ᠠᠯᠪᠠᠨ ᠬᠡᠷ᠃ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠡᠯᠧᠺᠲᠷᠣᠨ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠯᠭᠠᠨ ᠠᠪᠬᠤ᠂ ᠡᠮᠬᠢᠯᠡᠬᠦ ᠪᠠ ᠶᠡᠷᠦᠩᠬᠡᠶᠢᠯᠡᠨ ᠵᠠᠳᠠᠯᠤᠨ ᠠᠰᠢᠭᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠤᠳᠤᠬᠤ ᠮᠡᠳᠡᠭᠡ        ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3203931    ᠠᠵᠢᠯᠯᠠᠬᠤ ᠴᠠᠭ᠄ 9᠄ 00 — 12᠄ 00    14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠵᠧᠦ ᠶᠢᠩ       3.ᠬᠠᠷᠢᠶ᠎ᠠ ᠨᠢᠭᠡᠴᠢ    ᠵᠠᠯᠠᠨ ᠠᠶᠢᠯ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠵᠠᠯᠠᠨ ᠠᠶᠢᠯ ᠬᠤᠲᠠ ᠶᠢᠨ ᠬᠢᠨᠠᠨ ᠪᠤᠳᠤᠬᠤ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃    ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠬᠢᠨᠠᠨ ᠪᠤᠳᠤᠬᠤ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠶᠡᠷᠦᠩᠬᠡᠶᠢᠯᠡᠭᠰᠡᠨ ᠦᠢᠯᠡᠴᠢᠯᠡᠭᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵ᠬᠤᠶᠠᠷ︶ ᠪᠥᠬᠦ ᠬᠤᠲᠠ ᠶᠢᠨ ᠬᠢᠨᠠᠨ ᠪᠣᠳᠣᠯᠲᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠠᠳᠠᠯᠤᠨ ᠡᠮᠬᠢᠯᠡᠬᠦ᠂ ᠬᠠᠮᠢᠶᠠᠷᠬᠤ ᠵᠢᠴᠢ ᠬᠠᠮᠠᠭᠠᠯᠠᠬᠤ ᠠᠵᠢᠯ ᠢ ᠡᠭᠦᠷᠭᠡᠯᠡᠨ᠎ᠡ᠃    ︵ᠭᠤᠷᠪᠠ︶ ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠠᠶᠢᠳᠠᠯ ᠢ ᠦᠨᠡᠯᠡᠬᠦ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠲᠠᠨ ᠤ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃    ︵ᠲᠦᠷᠪᠡ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠾᠧ ᠰᠢ ᠰᠢᠨ᠎ᠡ ᠲᠣᠭᠤᠷᠢᠭ ᠤᠨ ᠰᠢᠤ ᠱᠦᠶ ᠪᠠᠷᠠᠭᠤᠨ ᠵᠡᠭᠡᠯᠢ    ᠰᠢᠦᠳᠠᠨ ᠳ᠋ᠤᠭᠠᠷ᠄ 162650    ᠰᠦᠯᠵᠢᠶᠡᠨ ᠤ ᠬᠠᠶ᠋ᠢᠭ᠄ www.zhalantun.gov.cn    ᠠᠵᠢᠯ ᠤᠨ ᠤᠲᠠᠰᠤ᠄ 0470 — 3203931    ᠠᠵᠢᠯᠯᠠᠬᠤ ᠴᠠᠭ᠄ 9᠄ 00 — 12᠄ 00   14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠯᠢ ᠲᠢᠩ ᠢ   
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ