ᠤᠰᠤᠨ ᠳᠤ ᠵᠢᠪᠬᠦ ᠶᠢ ᠰᠡᠷᠭᠡᠶᠢᠯᠡᠬᠦ ︽ᠠᠮᠤᠷ ᠲᠦᠪᠰᠢᠨ ᠤ ᠲᠣᠤᠷ︾ ᠢ ᠨᠢᠭᠲᠠ ᠰᠦᠯᠵᠢᠵᠦ ᠠᠮᠢ ᠨᠠᠰᠤᠨ ᠤ ︽ᠠᠮᠤᠷ ᠲᠦᠪᠰᠢᠨ ᠤ ᠳᠠᠯᠠᠩ︾ ᠢ ᠪᠠᠲᠤ ᠴᠣᠭᠴᠠᠯᠠᠪᠠ — ᠹᠠᠨ ᠷᠥᠩ ᠵᠡᠭᠡᠯᠢ ᠭᠤᠳᠤᠮᠵᠢ‌ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/26
    ᠵᠣᠨ ᠤ ᠤᠯᠠᠷᠢᠯ ᠣᠶᠢᠷᠠᠳᠬᠤ ᠶᠢ ᠳᠠᠭᠠᠯᠳᠤᠨ᠂ ᠠᠭᠠᠷ ᠤᠨ ᠳᠤᠯᠠᠭᠠᠨ ᠦᠷᠭᠦᠯᠵᠢᠯᠡᠨ ᠳᠡᠭᠡᠭᠰᠢᠯᠡᠵᠦ᠂ ᠰᠤᠷᠤᠭᠴᠢᠳ ᠤᠨ ᠤᠰᠤᠨ ᠳᠤ ᠣᠷᠣᠬᠤ᠂ ᠤᠰᠤᠨ ᠳᠤ ᠤᠮᠪᠠᠭ᠋ᠤ ᠠᠵᠢᠯᠯᠠᠭ᠎ᠠ ᠣᠯᠠᠰᠢᠷᠠᠵᠤ᠂ ᠤᠰᠤᠨ ᠳᠤ ᠴᠠᠴᠠᠬᠤ ᠠᠳᠡᠯ ᠬᠡᠷᠡᠭ ᠠᠮᠠᠷᠬᠠᠨ ᠡᠭᠦᠰᠬᠦ ᠬᠤᠭᠤᠴᠠᠭᠠᠨ ᠳᠤ ᠤᠷᠤᠪᠠ᠃ ᠤᠰᠤᠨ ᠳᠤ ᠴᠠᠴᠠᠬᠤ ᠭᠤᠨᠢᠭᠲᠤ ᠶᠠᠪᠤᠳᠠᠯ ᠡᠭᠦᠰᠬᠦ ᠠᠴᠠ ᠵᠠᠶᠢᠯᠠᠰᠬᠢᠬᠦ ᠶᠢᠨ ᠲᠥᠯᠥᠭᠡ᠂ 6 ᠰᠠᠷ᠎ᠠ ᠶᠢᠨ 21 ᠤ ᠡᠳᠦᠷ᠂ ᠵᠡᠭᠡᠯᠢ ᠭᠤᠳᠤᠮᠵᠢ ᠳᠤ ︽ᠤᠰᠤᠨ ᠳᠤ  ᠵᠢᠪᠬᠦ ᠶᠢ ᠰᠡᠷᠭᠡᠶᠢᠯᠡᠬᠦ ︿  ᠠᠮᠤᠷ ᠲᠦᠪᠰᠢᠨ ᠤ ᠲᠣᠤᠷ ﹀ ᠢ ᠨᠢᠭᠲᠠ ᠰᠦᠯᠵᠢᠵᠦ ᠠᠮᠢ ᠨᠠᠰᠤᠨ ᠤ ︿ᠠᠮᠤᠷ ᠲᠦᠪᠰᠢᠨ ᠤ ᠳᠠᠯᠠᠩ﹀ ᠶᠢ ᠪᠠᠬᠢᠵᠢᠭᠦᠯᠬᠦ︾ ᠤᠰᠤᠨ ᠳᠤ ᠴᠠᠴᠠᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠵᠡᠶ᠃ ᠰᠦᠯᠵᠢᠶᠡᠨ ᠳᠡᠭᠡᠷ᠎ᠡ ᠤᠰᠤᠨ ᠳᠤ ᠵᠢᠪᠬᠦ ᠠᠴᠠ ᠰᠡᠷᠭᠡᠶᠢᠯᠡᠬᠦ ᠤᠬᠠᠭᠤᠯᠭ᠎ᠠ ᠶᠢᠨ ᠣᠬᠤᠷ ᠸᠢᠳᠢᠣ᠋ ᠶᠢ ᠰᠡᠭᠦᠳᠡᠷᠯᠡᠨ ᠦᠢᠯᠡᠳᠬᠦ ᠪᠠᠷ ᠳᠠᠮᠵᠢᠭᠤᠯᠤᠨ᠂ ᠲᠣᠣᠷ ᠤᠨ ᠪᠥᠭᠡᠮᠨᠡᠷᠡᠯ᠂ ᠵᠢᠵᠢᠭ ᠲᠣᠭᠤᠷᠢᠭ ᠤᠨ ᠠᠵᠤ ᠠᠬᠤᠶ ᠶᠢᠨ ᠡᠵᠡᠳ ᠤᠨ ᠪᠥᠭᠡᠮᠨᠡᠷᠡᠯ᠂ ᠳᠠᠭᠤᠨ ᠤ ᠪᠦᠷᠢᠶ᠎ᠡ ᠶᠢ ᠴᠡᠴᠡᠷᠡᠭᠦᠯᠬᠦ ᠵᠡᠷᠭᠡ ᠬᠡᠯᠪᠡᠷᠢ ᠪᠠᠷ ᠤᠰᠤᠨ ᠳᠤ ᠵᠢᠪᠬᠦ ᠶᠢ ᠰᠡᠷᠭᠡᠶᠢᠯᠡᠬᠦ ᠰᠠᠨᠠᠭᠤᠯᠤᠮᠵᠢ ᠪᠠ ᠤᠰᠤᠨ ᠳᠤ ᠵᠢᠪᠬᠦ ᠶᠢ ᠰᠡᠷᠭᠡᠶᠢᠯᠡᠬᠦ ᠪᠠᠭ᠎ᠠ ᠮᠡᠳᠡᠯᠭᠡ ᠶᠢ ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ᠂ ᠤᠰᠤᠨ ᠳᠤ ᠵᠢᠪᠬᠦ ᠶᠢ ᠰᠡᠷᠭᠡᠶᠢᠯᠡᠬᠦ ᠮᠡᠷᠭᠡᠵᠢᠯ ᠪᠠ ᠪᠤᠰᠤᠳ ᠬᠥᠮᠦᠨ ᠤ ᠤᠰᠤᠨ ᠳᠤ ᠵᠢᠪᠬᠦ ᠶᠢ ᠠᠪᠤᠷᠠᠬᠤ ᠠᠷᠭ᠎ᠠ ᠶᠢ ᠰᠠᠭᠤᠭᠠᠯᠢ ᠠᠷᠠᠳ ᠲᠤ ᠴᠠᠭ ᠢᠮᠠᠭᠲᠠ ᠣᠶᠢᠯᠠᠭᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠬᠥᠮᠦᠨ ᠪᠦᠬᠦᠨ ᠳᠤ ᠮᠡᠳᠡᠭᠦᠯᠦᠨ᠎ᠡ᠃ ᠰᠦᠯᠵᠢᠶᠡᠨ ᠠᠴᠠ ᠭᠠᠳᠠᠨ᠎ᠠ ᠰᠤᠷᠭᠠᠭᠤᠯᠢ ᠶᠢᠨ ᠡᠭᠦᠳᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠪᠠᠷ ᠳᠠᠮᠵᠢᠭᠤᠯᠤᠨ᠂ ᠬᠡᠷ ᠤᠨ ᠠᠬᠠᠮᠠᠳ ᠪᠣᠯᠤᠨ ᠰᠤᠷᠤᠭᠴᠢᠳ ᠲᠤ ᠤᠰᠤᠨ ᠳᠤ ᠴᠠᠴᠠᠬᠤ ᠶᠢ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ ︽ᠵᠢᠷᠭᠤᠭᠠᠨ ᠥᠬᠡᠶ︾ ᠬᠤᠶᠠᠷ ᠬᠤᠷᠠᠯ ᠤᠨ ︽ᠳᠥᠷᠪᠡ ᠶᠢ ᠮᠡᠳᠡᠬᠦ︾ ᠵᠡᠷᠭᠡ ᠠᠭᠤᠯᠭ᠎ᠠ ᠶᠢ ᠲᠦᠭᠡᠮᠡᠯᠵᠢᠭᠦᠯᠦᠨ᠂ ᠤᠰᠤᠨ ᠳᠤ ᠴᠠᠴᠠᠬᠤ ᠶᠢ ᠰᠡᠷᠭᠡᠶᠢᠯᠡᠬᠦ ᠮᠡᠳᠡᠯᠭᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠠᠴᠢᠮ ᠪᠠᠶᠢᠳᠠᠯ ᠳᠤ ᠲᠤᠯᠭᠠᠷᠠᠭᠰᠠᠨ ᠦᠶ᠎ᠡ ᠳᠤ ᠯᠠᠪᠳᠠᠭᠤᠨ ᠲᠣᠭᠲᠠᠭᠤᠨ ᠢᠶᠠᠷ ᠠᠷᠭᠠᠴᠠᠬᠤ ᠬᠡᠷᠡᠭᠲᠡᠶ᠃ ᠡᠭᠦᠨ ᠤ ᠬᠠᠮᠲᠤ ᠬᠡᠷ ᠤᠨ ᠠᠬᠠᠮᠠᠳ ᠲᠤ ᠰᠠᠨᠠᠭᠤᠯᠬᠤ ᠨᠢ᠂ ᠬᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠡᠳᠦᠷ ᠲᠤᠲᠤᠮ ‍ᠤᠨ‌ᠠᠮᠢᠳᠤᠷᠠᠯ ᠳᠤ ᠠᠭᠤᠯᠰᠠᠯᠴᠠᠭᠤᠯᠬᠤ ᠬᠡᠷᠡᠭᠲᠡᠢ ᠃    ᠲᠣᠰ ᠤᠳᠠᠭᠠᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠤᠰᠤᠨ ᠳᠤ ᠵᠢᠪᠬᠦ ᠠᠳᠡᠯ ᠭᠠᠷᠬᠤ ᠶᠢ ᠡᠬᠢ ᠡᠭᠦᠰᠦᠯ ᠠᠴᠠ ᠨᠢ ᠲᠠᠰᠤ ᠵᠣᠭᠰᠣᠭᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ