ᠬᠤᠭ ᠨᠣᠪᠰᠢ ᠶᠢ ᠴᠡᠪᠡᠷᠯᠡᠵᠦ  ᠪᠣᠯᠪᠠᠰᠤᠨ ᠢ ᠠᠬᠢᠭᠤᠯᠵᠤ ᠣᠷᠴᠢᠨ ᠲᠣᠭᠤᠷᠢᠨ ᠢ ᠭᠤᠶᠤᠵᠢᠭᠤᠯᠬᠤ ᠠᠵᠢᠯᠯᠠᠭ᠎ᠠ ᠥᠷᠨᠢᠭᠦᠯᠵᠦ ᠪᠤᠢ — ᠳ᠋ᠠ ᠾᠧ ᠸᠠᠨ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/26
    ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ︽ᠠᠵᠤ  ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ︾ ᠰᠢᠨ᠎ᠡ ᠬᠥᠳᠡᠭᠡ ᠲᠣᠰᠬᠤᠨ ᠢᠶᠠᠷ ᠬᠠᠷᠠᠯᠲᠠ ᠪᠣᠯᠭᠠᠵᠤ᠂ ᠳ᠋ᠠ ᠾᠧ ᠸᠠᠨ ᠪᠠᠯᠭᠠᠰᠤ ᠪᠣᠳᠠᠲᠠᠶ ᠳᠤ ᠰᠠᠭᠤᠷᠢᠯᠠᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ᠃    ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠳ᠋ᠠ ᠾᠧ ᠸᠠᠨ ᠪᠠᠯᠭᠠᠰᠤ ᠦᠳᠲᠡᠷ ᠲᠦᠷᠭᠡᠨ ᠵᠣᠬᠢᠶᠠᠨ ᠪᠠᠶᠢᠭᠤᠯᠤᠨ ᠬᠥᠳᠡᠯᠦᠯᠴᠡᠵᠦ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠳᠣᠪᠤᠶᠢᠯᠭᠠᠨ᠂ ᠴᠡᠭᠴᠡᠯᠡᠨ ᠵᠠᠰᠠᠬᠤ ᠡᠭᠦᠷᠭᠡ ᠶᠢ ᠲᠣᠳᠣᠷᠬᠠᠶᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠤᠭᠰᠠᠨ ᠢᠶᠠᠷ ᠴᠡᠭᠴᠡᠯᠡᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠭᠤᠤᠯᠳᠠᠭᠤ ᠵᠠᠮ ᠤᠨ ᠬᠤᠶᠠᠷ ᠲᠠᠯ᠎ᠠ᠂ ᠠᠶᠢᠯ ᠲᠣᠰᠬᠤᠨ ᠤ ᠡᠷᠬᠢᠨ ᠲᠣᠭᠤᠷᠢᠨ᠂ ᠬᠤᠭ ᠨᠣᠪᠰᠢ ᠶᠢ ᠲᠦᠷ ᠣᠪᠣᠭᠠᠯᠠᠬᠤ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠮᠦᠨ ᠤ ᠬᠦᠴᠦ + ᠮᠠᠰᠢᠨ︾ ᠤ ᠬᠤᠤᠰ ᠪᠠᠲᠤᠯᠠᠭ᠎ᠠ ᠶᠢ ᠭᠦᠢᠴᠡᠳ ᠬᠠᠩᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠷᠣᠨ ᠪᠦᠰᠡ ᠳᠤ ᠶᠡᠭᠡ ᠴᠡᠪᠡᠷᠯᠡᠭᠡ ᠬᠢᠵᠦ᠂ ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠡᠯᠳᠡᠪ ᠪᠣᠳᠠᠰ᠂ ᠮᠠᠯ ᠤᠨ ᠬᠠᠶᠠᠭᠳᠠᠮᠠᠯ ᠪᠣᠳᠠᠰ ᠢ ᠬᠤᠷᠠᠮᠳᠤᠭᠤᠯᠤᠨ ᠬᠠᠳᠠᠭᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷ ᠲᠡᠭᠰᠢ ᠪᠠᠶᠢᠬᠤ ᠶᠢ ᠪᠠᠲᠤᠯᠠᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠥᠬᠦ ᠣᠷᠣᠨ ᠪᠦᠰᠡ ᠶᠢ ᠴᠡᠪᠡᠷ ᠪᠠᠶᠢᠯᠭᠠᠬᠤ ᠶᠢ ᠪᠠᠲᠤᠯᠠᠨ᠂ ᠰᠠᠭᠤᠷᠢ ᠶᠢ ᠴᠡᠪᠡᠷᠯᠡᠨ᠂ ᠰᠠᠭᠤᠷᠢ ᠶᠢᠨ ᠥᠩᠭᠡ ᠶᠢ ᠣᠯᠵᠤ ᠦᠵᠡᠬᠦ ᠶᠢ ᠪᠠᠲᠤᠯᠠᠨ᠎ᠠ᠃    ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳ᠋ᠠ ᠾᠧ ᠸᠠᠨ ᠪᠠᠯᠭᠠᠰᠤ ᠶᠢᠨ ᠬᠢᠨ ᠬᠠᠷᠢᠶ᠎ᠠ ᠣᠷᠣᠨ ᠤ ᠪᠠᠨ ᠬᠡᠪᠴᠢᠶᠡᠨ ᠳᠤ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠬᠡ ᠲᠠᠩᠰᠠ ᠪᠠᠶᠢᠭᠤᠯᠤᠨ᠂ ᠴᠡᠭᠴᠡᠯᠡᠨ ᠵᠠᠰᠠᠬᠤ ᠴᠠᠭ ᠤᠨ ᠬᠢᠵᠠᠭᠠᠷ ᠢ ᠲᠣᠳᠣᠷᠬᠠᠶ ᠲᠣᠭᠲᠠᠭᠠᠪᠠ᠃ ᠡᠭᠦᠨ ᠤ ᠵᠡᠷᠭᠡ ᠳᠤ ᠤᠬᠠᠭᠤᠯᠭ᠎ᠠ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠴᠢᠷᠮᠠᠶᠢᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ