ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠠᠯᠠᠨ ᠠᠶᠢᠯ ᠬᠤᠲᠠ ᠳᠤ ᠭᠦᠨᠵᠡᠭᠡᠶᠢᠷᠡᠨ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/6/27
1.jpg
    6 ᠰᠠᠷ᠎ᠠ ᠶᠢᠨ 19 — 20 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠳ᠋ᠠᠶ ᠬᠤᠩ ᠰᠢᠤᠸᠠᠢ ᠨᠠᠷ ᠵᠠᠯᠠᠨ ᠠᠶᠢᠯ ᠬᠤᠲᠠ ᠳᠤ ᠭᠦᠨᠵᠡᠭᠡᠶᠢᠷᠡᠨ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠰᠦᠨ ᠰᠢᠤ ᠹᠸᠢ᠂ ᠵᠢᠶᠠᠩ ᠵᠢᠶᠦ᠋ᠨ ᠶᠦᠩ᠂ ᠯᠢᠦ ᠬᠤᠩ ᠪᠢᠨ᠂ ᠬᠠᠨ ᡁᠢ ᠯᠢ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠡᠢ᠃
2.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠵᠠᠯᠠᠨ ᠠᠶᠢᠯ ᠤᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠢᠩᠭᠢᠰ ᠬᠠᠭᠠᠨ ᠤ ᠣᠶ ᠰᠢᠭᠤᠶ ᠶᠢᠨ ᠲᠠᠯᠠᠪᠠᠶ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠠᠭᠠᠯᠠᠯᠲᠠ ᠵᠢᠴᠢ ᠠᠰᠢᠭᠯᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
3.jpg
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠪᠣᠯ ᠪᠥᠬᠦ ᠠᠷᠠᠳ ᠲᠦᠮᠡᠨ ᠤ ᠬᠠᠮᠲᠤ ᠶᠢᠨ ᠡᠷᠬᠢᠮ ᠨᠠᠨᠳᠢᠨ ᠡᠳ᠋ ᠬᠥᠷᠥᠩᠭᠡ ᠮᠥᠨ᠂ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠪᠠ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ᠂ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠳᠤ ᠲᠦᠢᠯ ᠤᠨ ᠴᠢᠬᠤᠯᠠ ᠶᠤᠮ᠃ ᠵᠠᠯᠠᠨ ᠠᠶᠢᠯ ᠬᠤᠳᠠ ᠶᠢᠨ ᠬᠢᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠤᠯᠢ ᠶᠣᠰᠣᠭᠠᠷ ᠬᠠᠮᠠᠭᠠᠯᠠᠬᠤ᠂ ᠵᠦᠢ ᠵᠣᠬᠢᠰᠲᠠᠢ ᠨᠡᠭᠡᠭᠡᠨ ᠠᠰᠢᠭᠯᠠᠬᠤ᠂ ᠶᠡᠷᠦᠩᠬᠡᠶᠢᠯᠡᠨ ᠠᠰᠢᠭᠯᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠨ ᠠᠶᠢᠯ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ