ᠵᠠᠯᠠᠨ ᠠᠶᠢᠯ ᠬᠤᠲᠠ ᠶᠢᠨ ᠬᠢᠨ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠪᠠᠷ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/6/27
1.jpg
2.jpg
3.jpg
    ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠤᠮᠠᠷᠠᠲᠤ ᠬᠢᠯᠢ ᠶᠢᠨ ᠹᠤᠩᠴᠢᠶᠤᠤ︾ ᠶᠢᠨ ᠵᠠᠷᠭᠤ ᠶᠢᠨ ᠵᠠᠰᠠᠯᠲᠠ ᠶᠢ ᠭᠦᠨᠵᠡᠭᠡᠶᠢᠷᠡᠭᠦᠯᠦᠨ᠂ ᠰᠠᠶᠢᠨ ᠬᠠᠤᠯᠢ ᠪᠠᠷ ᠴᠢᠳᠠᠮᠠᠭᠠᠶ ᠵᠠᠰᠠᠬᠤ ᠶᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠵᠠᠯᠠᠨ ᠠᠶᠢᠯ ᠬᠤᠲᠠ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠣᠨᠴᠠ ᠤᠷᠢᠭᠰᠠᠨ ᠡᠶᠡᠳᠡᠭᠦᠯᠦᠭᠴᠢ ᠶᠢ ᠤᠷᠢᠨ ᠲᠣᠮᠢᠯᠠᠬᠤ ᠶᠣᠰᠣᠯᠠᠯ ᠶᠠᠪᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠯᠢ ᠵᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠶᠣᠣ᠂ ᠬᠤᠲᠠ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠮᠤᠩ ᠲᠢᠶᠤ ᠬᠤᠩ ᠤᠷᠢᠵᠤ ᠲᠣᠮᠢᠯᠠᠬᠤ ᠶᠣᠰᠣᠯᠠᠯ ᠳᠤ ᠣᠷᠣᠯᠴᠠᠪᠠ᠃    ᠬᠤᠷᠠᠯ ᠠᠴᠠ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠦᠯ ᠢ ᠤᠩᠰᠢᠨ ᠨᠡᠶᠢᠲᠡᠯᠡᠭᠰᠡᠨ ᠪᠥᠭᠡᠳ ᠬᠥᠯᠥᠨ ᠪᠤᠶᠢᠷ ᠬᠤᠶᠠᠷ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠣᠨᠴᠠ ᠤᠷᠢᠭᠰᠠᠨ ᠡᠶᠡᠳᠡᠭᠦᠯᠦᠭᠴᠢ ᠶᠢᠨ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠭᠡ ᠶᠢᠨ ᠡᠩᠨᠡᠭᠡᠨ ᠳᠤ ᠤᠷᠤᠭᠰᠠᠨ ᠶᠠᠪᠤᠳᠠᠯ ᠪᠣᠯ ᠰᠢᠭᠦᠬᠦ ᠬᠤᠷᠢᠶᠠᠨ ᠤ ᠵᠢᠭᠤᠷᠠᠯᠳᠤᠭᠠᠨ ᠢ ᠰᠢᠢᠳᠪᠦᠷᠢᠯᠡᠬᠦ ᠬᠦᠴᠦᠨ ᠤ ᠬᠦᠴᠦᠲᠡᠶ ᠨᠥᠬᠦᠪᠥᠷᠢ ᠮᠥᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠲᠤᠷᠠᠨ ᠬᠥᠳᠡᠯᠦᠯᠴᠡᠬᠦ ᠬᠠᠮᠲᠤᠷᠠᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠳᠡᠰ ᠳᠠᠪᠬᠤᠷᠭ᠎ᠠ ᠶᠢᠨ᠂ ᠣᠯᠠᠨ ᠡᠰᠢᠴᠢᠯᠡᠭᠰᠡᠨ ᠰᠢᠰᠲ᠋ᠧᠮ ᠢ ᠪᠤᠶ ᠪᠣᠯᠭᠠᠬᠤ ᠪᠣᠯᠤᠨ᠎ᠠ᠃ ᠬᠤᠷᠠᠯ ᠠᠴᠠ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ  ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠬᠦ ᠲᠣᠭᠲᠠᠴᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠵᠢᠭᠤᠷᠠᠯᠳᠤᠭᠠᠨ ᠢ ᠡᠶᠡᠳᠡᠭᠦᠯᠬᠦ ᠴᠢᠳᠠᠪᠤᠷᠢ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ  ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠬᠦᠯᠦᠨ  ᠰᠢᠢᠳᠪᠦᠷᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ