ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠣᠯᠠᠨ‌ᠨᠡᠶᠢᠲᠡ ᠶᠢᠨ ᠲᠥᠬᠦᠭᠡᠷᠦᠮᠵᠢ  ᠶᠢᠨ ᠬᠠᠮᠢᠶᠠᠷᠤᠯᠲᠠ  ᠶᠢᠨ ᠦᠢᠯᠡᠴᠢᠯᠡᠭᠡᠨ ᠤ ᠲᠥᠷᠥᠯ  ᠵᠦᠢᠯ  ᠤᠨ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 20     ᠤ ᠡᠳᠦᠷ᠂ ᠬᠤᠲᠠ ᠶᠢᠨ ᠵᠠᠰᠠᠭ ᠤᠨ ᠣᠷᠳᠣᠨ ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠣᠯᠠᠨ ᠨᠡᠶᠢᠲᠡ ᠶᠢᠨ ᠲᠥᠬᠦᠭᠡᠷᠦᠮᠵᠢ ᠵᠢᠨ‌ᠬᠠᠮᠢᠶᠠᠷᠤᠯᠲᠠ ᠦᠢᠯᠡᠴᠢᠯᠡᠭᠡᠨ ᠤ ᠲᠥᠷᠥᠯ  ᠵᠦᠢᠯ ᠤᠨ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠴᠠᠢ ᠾᠧ ᠣᠶ ᠰᠢᠭᠤᠶ ᠶᠢᠨ ᠲᠣᠪᠴᠢᠶ᠎ᠠ᠂ ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠵᠢᠴᠢ ᠪᠡᠭᠡᠵᠢᠩ ᠤᠨ ᠯᠢᠦᠶ ᠸᠧᠶ  ᠰᠤᠶᠤᠯ ᠤᠨ ᠵᠢᠭᠤᠯᠴᠢᠯᠠᠯ ᠤᠨ ᠪᠦᠯᠦᠭᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠢ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠾᠦᠢ ᠡᠷᠭᠢᠯᠡᠵᠡᠶ᠃    ᠬᠤᠷᠠᠯ ᠳᠡᠭᠡᠷ᠎ᠡ᠂ ᠪᠡᠭᠡᠵᠢᠩ ᠤᠨ ᠯᠢᠦᠶ ᠸᠧᠶ ᠰᠤᠶᠤᠯ ᠤᠨ ᠵᠢᠭᠤᠯᠴᠢᠯᠠᠯ ᠤᠨ ᠪᠦᠯᠦᠭᠯᠡᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠴᠠᠢ ᠾᠧ ᠦᠵᠡᠮᠵᠢ ᠶᠢᠨ ᠣᠷᠣᠨ ᠤ ᠰᠢᠷᠢᠰ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠨ ᠹᠧᠩ ᠲᠥᠯᠥᠪᠵᠢᠭᠦᠯᠦᠨ ᠵᠢᠷᠤᠵᠤ ᠲᠥᠯᠥᠪᠯᠡᠬᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠦᠵᠡᠮᠵᠢ ᠶᠢᠨ ᠣᠷᠣᠨ ᠤ ᠡᠵᠡᠩᠨᠡᠨ ᠪᠣᠷᠣᠯᠠᠭᠤᠯᠤᠯᠲᠠ ᠶᠢ ᠳᠡᠭᠡᠭᠰᠢᠯᠡᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠵᠡᠷᠭᠡ ᠲᠠᠯ᠎ᠠ ᠪᠠᠷ ᠨᠥᠬᠦᠪᠥᠷᠢ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠯᠥᠪᠵᠢᠭᠦᠯᠭᠡ ᠶᠢᠨ ᠲᠣᠭᠤᠷᠢᠨ ᠳᠤ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃     ᠸᠠᠩ ᠪᠥᠸᠧ ᠪᠡᠭᠡᠵᠢᠩ ᠤᠨ ᠯᠢᠦᠶ ᠸᠧᠶ ᠰᠤᠶᠤᠯ ᠤᠨ  ᠵᠢᠭᠤᠯᠴᠢᠯᠠᠯ ᠤᠨ ᠪᠦᠯᠦᠭᠯᠡᠯ ᠤᠨ ᠲᠥᠯᠥᠪᠵᠢᠭᠦᠯᠭᠡ ᠶᠢᠨ ᠪᠦᠯᠬᠦᠮ ᠤᠨ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠪᠠ ᠨᠠᠶᠢᠷᠠᠭᠤᠯᠤᠨ ᠵᠣᠬᠢᠶᠠᠬᠤ ᠶᠠᠪᠤᠴᠠ ᠳᠠᠬᠢ ᠰᠢᠷᠭᠠᠭᠤ ᠴᠢᠷᠮᠠᠶᠢᠯᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠲᠦᠷᠦᠯ ᠵᠦᠢᠯ ᠢ ᠬᠠᠷᠢᠭᠤᠴᠠᠬᠤ ᠨᠢᠭᠡᠴᠡ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ ᠠᠯᠤᠰ ᠬᠡᠳᠦ ᠶᠢ ᠪᠣᠳᠣᠯᠬᠢᠯᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠣᠯᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠴᠢᠨᠠᠭᠰᠢᠳᠠ ᠰᠢᠯᠢᠳᠡᠭᠵᠢᠭᠦᠯᠵᠦ᠂ ᠪᠣᠯᠤᠮᠵᠢᠲᠤ ᠴᠢᠨᠠᠷ᠂ ᠢᠷᠡᠭᠡᠳᠦᠢ ᠶᠢᠨ ᠴᠢᠨᠠᠷ᠂ ᠬᠡᠷᠡᠭᠯᠡᠭᠡᠨ ᠤ ᠴᠢᠨᠠᠷᠲᠠᠢ ᠠᠯᠤᠰ ᠬᠡᠳᠦ ᠶᠢᠨ ᠲᠥᠯᠥᠪᠵᠢᠭᠦᠯᠭᠡ ᠶᠢᠨ ᠲᠥᠰᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠡᠬᠢᠯᠡᠯᠲᠡ ᠲᠠᠢ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠲᠦᠪᠰᠢᠨ ᠢᠶᠠᠷ ᠬᠠᠮᠢᠶᠠᠷᠬᠤ ᠶᠢ ᠪᠠᠷᠢᠮᠲᠠᠯᠠᠵᠤ᠂ ᠲᠥᠰᠦᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠡᠳᠬᠢᠨ ᠰᠤᠳᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠤᠯᠤᠯᠴᠠᠨ ᠵᠣᠬᠢᠴᠠᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠬᠦ ᠪᠠ ᠰᠡᠭᠦᠯᠴᠢ ᠶᠢᠨ ᠬᠤᠭᠤᠴᠠᠭᠠᠨ ᠤ ᠬᠠᠮᠲᠤᠷᠠᠯᠴᠠᠭ᠎ᠠ ᠶᠢ ᠡᠷᠲᠡᠬᠡᠨ ᠲᠤᠬᠢᠷᠠᠯᠴᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ