ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ | ᠠᠵᠤ ᠠᠬᠤᠢ ᠶᠢᠨ ᠡᠷᠭᠢᠯᠲᠡ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠵᠤ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠵᠡᠢ᠃ | ᠡᠨᠡ ᠵᠢᠯ ᠠᠴᠠ ᠨᠠᠭᠠᠰᠢ᠂ ᠪᠦᠭᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠠᠲᠤ ᠡᠵᠡᠮᠳᠡᠵᠦ᠂ ᠨᠡᠮᠡᠭᠳᠡᠯ ᠢ ᠲᠣᠭᠲᠠᠪᠤᠷᠢᠵᠢᠭᠤᠯᠤᠨ ᠨᠥᠭᠡᠴᠡ ᠬᠦᠴᠦᠨ ᠢᠶᠠᠨ | ᠴᠢᠩᠭᠠᠳᠬᠠᠬᠤ ᠪᠠᠷ ᠭᠤᠶᠢᠪᠢᠰᠢ ᠦᠭᠡᠢ ᠴᠢᠷᠮᠠᠶᠢᠨ᠂ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠲᠠᠰᠤᠷᠠᠯᠳᠠ | ᠦᠭᠡᠢ ᠠᠬᠢᠭᠤᠯᠪᠠ᠃ | ᠠᠵᠤ ᠦᠢᠯᠡᠳᠪᠦᠷᠢ ᠪᠣᠯ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠭᠤᠣᠯᠯᠠᠬᠤ ᠬᠦᠴᠦᠨ ᠮᠥᠨ᠃ ᠤᠯᠤᠰ ᠤᠨ | ᠳᠣᠲᠣᠭᠠᠳᠤ ᠶᠢᠨ ᠠᠩᠬᠠᠳᠠᠭᠴᠢ ᠪᠥᠮᠪᠥᠭᠡᠯᠢᠭ ᠬᠤᠯᠬᠤᠪᠴᠢ ᠶᠢᠨ ᠭᠡᠷᠡᠯ ᠤᠨ ᠤᠬᠠᠭᠠᠨ ᠤ ᠴᠡᠴᠡᠷᠡᠬᠦ ᠶᠢ ᠰᠡᠷᠭᠡᠶᠢᠯᠡᠬᠦ ᠴᠠᠭᠢᠯᠭᠠᠨ ᠮᠣᠲ᠋ᠣᠷ ᠤᠨ ᠠᠵᠤ | ᠦᠢᠯᠡᠳᠪᠦᠷᠢ ᠶᠢᠨ ᠲᠦᠷᠦᠯ ᠵᠦᠢᠯ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠢᠭᠯᠠᠯᠲᠠ ᠳᠤ ᠣᠷᠣᠵᠤ᠂ ᠥᠪᠥᠷ | ᠮᠣᠩᠭᠤᠯ ᠤᠨ ᠡᠨᠧᠷᠭᠢ ᠶᠢᠨ ᠳᠥᠷᠪᠡᠳ ᠬᠤᠰᠢᠭᠤᠨ ᠳᠠᠬᠢ 100 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠨ ᠴᠠᠭᠢᠯᠭᠠᠨ ᠢ ᠨᠥᠭᠡᠴᠡᠯᠡᠬᠦ | ᠲᠦᠷᠦᠯ ᠵᠦᠢᠯ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠤ ᠠᠵᠤ ᠦᠢᠯᠡᠳᠪᠦᠷᠢ ᠶᠢᠨ ᠲᠦᠷᠦᠯ ᠵᠦᠢᠯ ᠢ ᠴᠠᠭᠢᠯᠭᠠᠨ ᠲᠣᠣᠷ ᠲᠤ | ᠨᠡᠶᠢᠯᠡᠭᠦᠯᠪᠡ ᠁ ᠡᠶᠢᠨ ᠬᠦ ᠠᠯᠢ ᠤᠯᠠᠨ ᠰᠢᠨ᠎ᠡ ᠪᠠᠷ ᠪᠠᠶᠢᠭᠤᠯᠵᠤ᠂ ᠥᠷᠭᠡᠳᠬᠡᠵᠦ ᠪᠠᠶᠢᠭᠤᠯᠤᠭᠰᠠᠨ ᠠᠵᠤ ᠦᠢᠯᠡᠳᠪᠦᠷᠢ ᠶᠢᠨ ᠲᠦᠷᠦᠯ ᠵᠦᠢᠯ ᠤᠨ | ᠲᠤᠯᠭᠠᠭᠤᠷᠢᠯᠠᠯ ᠳᠣᠣᠷ᠎ᠠ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ | ᠵᠠᠭᠤᠨ ᠤ ᠬᠠᠷᠢᠴᠠᠯ ᠢᠶᠠᠷ 1.2 ᠬᠤᠪᠢ ᠳᠠᠪᠠᠵᠠᠢ᠃ | ᠪᠡᠯᠡ ᠤᠷᠤᠭᠤᠯᠤᠯᠳᠠ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠃ ᠣᠷᠳᠣᠰ ᠬᠤᠳᠠ ᠶᠢᠨ ᠶᠡᠷᠦᠩᠬᠡᠢ ᠪᠡᠯᠡ | ᠤᠷᠤᠭᠤᠯᠤᠯᠳᠠ ᠨᠢ 280 ᠳ᠋ᠦᠩᠰᠢᠭᠤᠷ ᠲᠥᠭᠦᠷᠢᠭ ᠢ ᠳᠠᠪᠠᠭ᠋ᠤ ᠵᠢᠩ ᠤᠤ ᠭᠡᠷᠡᠯᠴᠢ ᠴᠡᠨᠡᠭ ᠤᠨ ᠪᠦᠭᠦ ᠠᠵᠤ ᠦᠢᠯᠡᠰ ᠤᠨ ᠬᠡᠯᠬᠢᠶᠡᠨ ᠤ ᠨᠡᠭᠦᠷᠡᠰᠦᠳᠦ᠋ᠷᠦᠭᠴᠢ | ᠦᠯᠦ ᠭᠠᠳᠠᠭᠰᠢᠯᠠᠭᠤᠯᠬᠤ ᠵᠢᠱᠢᠶ᠎ᠡ ᠦᠵᠡᠭᠦᠯᠭᠦ ᠲᠦᠷᠦᠯ ᠵᠦᠢᠯ ᠤᠨ ᠰᠠᠭᠤᠷᠢᠨ ᠤ ᠪᠠᠷᠢᠯᠭ᠎ᠠ ᠶᠢᠨ ᠠᠬᠤᠢ ᠲᠠᠯᠠᠪᠠᠢ ᠳᠤ ᠠᠵᠢᠯᠴᠢᠳ ᠪᠣᠯᠣᠳ ᠪᠦᠲᠦᠴᠡ ᠶᠢᠨ | ᠭᠤᠣᠯ ᠨᠢᠷᠤᠭᠤ ᠨᠤᠭᠤᠳ ᠢ ᠳᠡᠭᠦᠵᠢᠩ ᠢᠶᠠᠷ ᠦᠢᠯᠡᠳᠪᠦᠷᠢ ᠶᠢᠨ ᠲᠠᠰᠤᠭ ᠤᠨ ᠪᠠᠷᠢᠯᠭ᠎ᠠ ᠶᠢᠨ ᠲᠠᠯᠠᠪᠠᠢ ᠳᠤ ᠵᠥᠭᠡᠭᠡᠪᠦᠷᠢᠯᠡᠨ ᠶᠠᠭᠠᠷᠠᠯᠲᠠᠢ ᠠᠵᠢᠯᠯᠠᠨ᠎ᠠ᠃ ︽ ᠮᠠᠨ ᠤ | ᠲᠦᠷᠦᠯ ᠵᠦᠢᠯ ᠤᠳᠤ ᠭᠤᠣᠯ ᠦᠢᠯᠡᠳᠪᠦᠷᠢ ᠶᠢᠨ ᠲᠠᠰᠤᠭ ᠢᠶᠠᠨ ᠪᠠᠷᠢᠬᠤ ᠱᠠᠲᠤᠨ ᠳᠤ ᠣᠷᠣᠯ᠎ᠠ᠂ ᠳᠠᠩ ᠲᠠᠯᠠᠰᠲᠤ ᠴᠠᠬᠢᠭᠤᠷ ᠤᠨ ᠦᠢᠯᠡᠳᠪᠦᠷᠢ ᠶᠢᠨ ᠳᠠᠰᠤᠭ | ᠠᠰᠢᠭᠯᠠᠯᠲᠠ ᠳᠤ ᠣᠷᠣᠬᠤ ᠠᠶᠠᠳᠠᠵᠤ ᠪᠠᠶᠢᠨ᠎ᠠ ︾ ᠭᠡᠵᠦ ᠲᠦᠷᠦᠯ ᠵᠦᠢᠯ ᠤᠨ ᠳᠡᠳ᠋ ᠵᠠᠬᠢᠷᠤᠯ ᠲᠣᠳᠣ ᠲᠠᠨᠢᠯᠴᠠᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠵᠠᠬ᠎ᠠ ᠳᠡᠯᠭᠡᠭᠦᠷ ᠤᠨ ᠢᠷᠡᠭᠡᠳᠦᠢ ᠪᠠᠷ ᠮᠠᠰᠢ ᠰᠠᠶᠢᠨ ᠪᠠᠶᠢᠬᠤ ᠴᠢᠨᠠᠷ ᠰᠠᠶᠢᠲᠠᠢ ᠬᠥᠭᠵᠢᠯᠲᠡ ᠶᠢᠨ | ᠴᠢᠬᠤᠯᠠ ᠶᠡᠭᠡ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠳᠠᠶᠢᠴᠢᠯᠠᠯ ᠳᠣᠣᠷ᠎ᠠ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠳᠠ ︵ ᠮᠠᠯᠵᠢᠬᠤ ᠲᠠᠷᠢᠶᠠᠯᠠᠬᠤ ᠡᠷᠦᠭᠡ ᠶᠢ ᠪᠠᠭᠲᠠᠭᠠᠬᠤ ᠦᠭᠡᠢ ︶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21. | 5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 17.3 ᠬᠤᠪᠢ ᠳᠠᠪᠠᠪᠠ᠃ | ᠬᠡᠷᠡᠭᠯᠡᠭᠡ ᠪᠣᠯ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠡᠨᠡ ᠵᠢᠯ ᠠᠴᠠ ᠨᠠᠭᠠᠰᠢ ᠮᠠᠨ ᠤ ᠣᠷᠣᠨ ᠪᠥᠭᠡᠮ | ᠲᠠᠸᠠᠷ ᠤᠨ ᠬᠡᠷᠡᠭᠯᠡᠭᠡ ᠶᠢ ᠲᠣᠭᠲᠠᠪᠤᠷᠢᠵᠢᠭᠤᠯᠬᠤ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ᠂ ᠰᠢᠨ᠎ᠡ ᠭᠡᠯᠪᠡᠷᠢ ᠶᠢᠨ ᠬᠡᠷᠡᠭᠯᠡᠭᠡ ᠶᠢ ᠥᠷᠭᠡᠳᠬᠡᠬᠦ᠂ ᠮᠠᠯᠵᠢᠬᠤ | ᠲᠠᠷᠢᠶᠠᠯᠠᠬᠤ ᠣᠷᠣᠨ ᠤ ᠬᠡᠷᠡᠭᠯᠡᠭᠡ ᠶᠢ ᠠᠬᠢᠭᠤᠯᠬᠤ ᠵᠡᠷᠭᠡ 6 ᠲᠠᠯ᠎ᠠ ᠶᠢᠨ 21 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠯᠡᠭᠡ ᠶᠢᠨ ᠳᠠᠯᠳᠠ ᠬᠦᠴᠦᠨ ᠢ | ᠬᠥᠭᠵᠢᠭᠡᠨ ᠪᠠᠳᠠᠷᠠᠭᠤᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠤᠯᠭᠠᠬᠤ ᠰᠠᠭᠤᠷᠢ ᠶᠢ ᠪᠠᠲᠤᠳᠬᠠᠪᠠ᠃ ᠡᠨᠡ ᠵᠢᠯ ᠤᠨ ᠲᠦᠷᠦᠭᠦᠦ 4 ᠰᠠᠷ᠎ᠠ ᠳᠤ | ᠪᠦᠭᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 1687.8 ᠳ᠋ᠦᠩᠰᠢᠭᠤᠷ ᠲᠥᠭᠦᠷᠢᠭ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠡᠢ᠃ | ︽ ᠶᠡᠷᠦᠩᠬᠡᠢ ᠳᠤᠨᠢ ᠦᠵᠡᠪᠡᠯ᠂ ᠲᠦᠷᠦᠭᠦᠦ 4 ᠰᠠᠷ᠎ᠠ ᠳᠤ ᠪᠦᠭᠦ ᠣᠷᠣᠨ ᠤ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ ᠰᠠᠶᠢᠨ ᠰᠠᠶᠢᠬᠠᠨ | ᠬᠥᠭᠵᠢᠯᠲᠡ ᠶᠢᠨ ᠬᠠᠨᠳᠤᠰᠢ ᠪᠠᠨ ᠦᠷᠭᠦᠯᠵᠢᠯᠡᠨ ᠪᠠᠲᠤᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠡᠨᠧᠷᠭᠢ ᠲᠠᠰᠤᠷᠠᠯᠳᠠ ᠦᠭᠡᠢ ᠴᠢᠩᠭᠠᠷᠠᠪᠠ ︾ ᠭᠡᠵᠦ | ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠤᠯ ᠤᠨ ᠲᠥᠪ ᠤᠨ ᠶᠡᠷᠦᠩᠬᠡᠢ ᠠᠵᠤ ᠠᠬᠤᠶᠢᠴᠢ ᠰᠧ ᠶᠦᠩ ᠮᠧᠢ ᠶᠠᠷᠢᠵᠤ ᠪᠠᠶᠢᠯ᠎ᠠ᠃ |