ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ | ᠡᠳ᠋ ᠤᠨ ᠵᠠᠰᠠᠭ ᠤᠨ ᠶᠠᠮᠤᠨ ︽2024 ᠣᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ | ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠳᠡᠯ︾ ᠢ ᠨᠡᠶᠢᠲᠡᠯᠡᠪᠡ᠂ ᠪᠦᠭᠦ ᠤᠯᠤᠰ ᠤᠨ 49 ᠤᠯᠤᠰ ᠤᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠠᠮᠵᠢᠯᠲᠠ ᠪᠦᠲᠦᠮᠵᠢ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠳᠤ ᠮᠠᠨ ᠤ ᠣᠷᠣᠨ ᠤ ᠬᠤᠷᠢᠨᠭᠡᠷ ᠰᠢᠶᠠᠨ ᠤ ᠤᠯᠤᠰ ᠤᠨ | ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ | ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠠᠩᠭᠢᠨ ᠬᠤᠶᠢᠲᠤ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠨᠢ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠮᠵᠢᠯᠲᠠ | ᠪᠦᠲᠦᠮᠵᠢ ᠶᠢᠨ ᠦᠨᠡᠯᠡᠨ ᠵᠢᠱᠢᠯᠲᠡ ᠶᠢ ᠤᠷᠤᠭᠰᠢᠲᠠᠢ ᠥᠩᠭᠡᠷᠡᠭᠡᠵᠦ᠂ ᠲᠤᠰ ᠲᠤᠰ ᠳᠥᠷᠪᠡᠳᠦᠭᠡᠷ᠂ ᠠᠷᠪᠠᠨ ᠨᠢᠭᠡᠳᠦᠭᠡᠷ᠂ ᠠᠷᠪᠠᠨ ᠲᠠᠪᠤᠳᠤᠭᠠᠷ ᠨᠡᠷᠡᠰ ᠲᠤ | ᠵᠢᠭᠰᠠᠭᠠᠭᠳᠠᠵᠤ᠂ ᠲᠥᠪ ᠤᠨ ᠡᠳ᠋ ᠤᠨ ᠵᠠᠰᠠᠭ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠡᠭᠦᠳᠦᠨ | ᠪᠠᠶᠢᠭᠤᠯᠬᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠪᠤᠢ᠃ | ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠤᠨ ᠶᠠᠮᠤᠨ ᠤ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ | ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ᠂ ᠲᠥᠷᠥᠯ ᠵᠦᠢᠯ ᠤᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ | ᠪᠠᠶᠢᠭᠤᠯᠬᠤ ᠶᠢ ᠬᠠᠮᠲᠤᠷᠠᠨ ᠵᠢᠯᠤᠭᠤᠳᠬᠤ ᠪᠠ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠦᠭᠦ ᠬᠦᠴᠦᠨ ᠢᠶᠠᠷ ᠠᠬᠢᠭᠤᠯᠪᠠ᠃ | ︽ᠪᠢᠳᠡ ᠡᠭᠦᠳᠦᠨ ᠪᠠᠶᠢᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠴᠢᠩᠭᠠᠳᠬᠠᠬᠤ ᠶᠢᠨ ᠬᠠᠮᠲᠤ᠂ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠠᠷᠭ᠎ᠠ ᠵᠠᠮ ᠨᠢ ᠰᠠᠮᠠᠭᠤᠷᠠᠬᠤ ᠦᠭᠡᠢ᠂ ᠬᠡᠷᠡᠭᠴᠡᠭᠡ ᠨᠢ ᠬᠤᠪᠢᠷᠠᠬᠤ ᠦᠭᠡᠢ ᠪᠠᠶᠢᠬᠤ ᠵᠠᠷᠴᠢᠮ ᠶᠣᠰᠣᠭᠠᠷ᠂ ᠡᠳ᠋ ᠤᠨ | ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ ᠦᠢᠯᠡᠳᠦᠯ ᠢ ᠦᠨᠡᠨ ᠬᠦ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ | ᠬᠡᠰᠡᠭ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠬᠢᠨᠠᠨ ᠲᠣᠭᠲᠠᠭᠠᠯᠲᠠ ᠪᠠ ᠵᠥᠪᠰᠢᠶᠡᠷᠡᠯ ᠢ ᠣᠯᠣᠭᠰᠠᠨ ᠭᠠᠵᠠᠷ ᠣᠷᠣᠨ ᠪᠠ ᠲᠥᠷᠥᠯ | ᠵᠦᠢᠯ ᠳᠤ ᠲᠥᠪᠯᠡᠷᠡᠭᠦᠯᠵᠦ᠂ ᠨᠢᠭᠡ ᠪᠦᠯᠦᠭ ᠪᠦᠲᠦᠵᠦ ᠳᠡᠶᠢᠯᠭᠦ᠂ ᠨᠡᠷ᠎ᠡ ᠨᠥᠯᠥᠭᠡ ᠲᠠᠢ᠂ ᠥᠪᠥᠷ ᠮᠣᠩᠭᠤᠯ ᠤᠨ ᠣᠨᠴᠠᠯᠢᠭ ᠲᠠᠢ ᠴᠢᠨᠠᠷ ᠰᠠᠶᠢᠲᠠᠢ ᠮᠠᠯ ᠠᠵᠤ | ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ ᠬᠡᠯᠡᠪᠡ᠃ |