6 ᠰᠠᠷ᠎ᠠ ᠶᠢᠨ 1 ᠤ ᠦᠳᠡ ᠶᠢᠨ ᠡᠮᠦᠨ᠎ᠡ᠂ ᠪᠦᠭᠦ ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠭᠦᠭᠡᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠤ᠂ ᠲᠤᠰᠬᠠᠢ ᠠᠪᠤᠷᠠᠨ ᠲᠤᠰᠠᠯᠠᠬᠤ ᠡᠩᠨᠡᠭᠡ ᠳᠤ ᠲᠤᠭ ᠭᠠᠷᠳᠠᠭᠤᠯᠪᠠ᠃ | ᠬᠤᠸᠠᠩ ᡁᠢ ᠴᠢᠶᠠᠩ᠂ ᠠᠶᠤᠯᠭᠦᠢ ᠦᠢᠯᠡᠳᠪᠦᠷᠢᠯᠡᠯ ᠨᠢ ᠤᠯᠠᠨ ᠲᠦᠮᠡᠨ ᠯᠦᠭᠡ ᠬᠠᠮᠤᠭ ᠤᠨ ᠨᠢᠭᠲᠠ ᠬᠠᠷᠢᠴᠠᠭ᠎ᠠ ᠲᠠᠢ ᠪᠠᠶᠢᠵᠤ᠂ ᠤᠯᠠᠨ ᠲᠦᠮᠡᠨ ᠲᠡᠭᠦᠨ ᠳᠤ | ᠬᠠᠮᠤᠭ ᠤᠨ ᠰᠢᠭᠤᠳ ᠲᠥᠷᠥᠭᠳᠡᠯ ᠲᠠᠢ ᠪᠠᠶᠢᠳᠠᠭ᠃ ᠶᠠᠮᠠᠷᠪᠠ ᠦᠶ᠎ᠡ ᠳᠤ ᠴᠦ ᠭᠡᠳ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠶᠢ ᠲᠡᠷᠢᠭᠦᠨ ᠳᠤ ᠲᠠᠯᠪᠢᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠢᠮᠠᠭᠲᠠ ᠴᠢᠩᠭ᠎ᠠ ᠠᠩᠬᠠᠷᠴᠤ᠂ ᠪᠦᠭᠦ | ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠤᠯᠠᠨ ᠶᠠᠩᠵᠤ | ᠭᠡᠯᠪᠡᠷᠢ ᠪᠠᠷ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠬᠥᠮᠥᠨ ᠪᠦᠭᠦᠨ ᠠᠮᠤᠷ ᠲᠦᠪᠰᠢᠨ ᠢ ᠡᠷᠬᠢᠮᠯᠡᠨ᠂ ᠬᠥᠮᠥᠨ | ᠪᠣᠯᠭᠠᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠵᠤ᠂ ᠬᠥᠮᠥᠨ ᠨᠢᠭᠡ | ᠪᠦᠷᠢ ᠶᠢᠨ ᠪᠠᠭ᠎ᠠ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠠᠮᠤᠷ ᠲᠦᠪᠰᠢᠨ ᠢ ᠪᠦᠷᠢᠯᠳᠦᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠲᠤᠰᠬᠠᠢ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠰᠠᠶᠢᠨ ᠳᠤᠷ᠎ᠠ ᠶᠢᠨ | ᠠᠵᠢᠯᠯᠠᠭᠰᠠᠳ ᠪᠠ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ |