ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠲᠠᠲᠠᠬᠤ ᠰᠢᠯᠭᠠᠯᠲᠠ ᠶᠢᠨ ᠠᠵᠢᠯ ‍ᠤᠨ‌ᠡᠭᠦᠷᠭᠡ ᠶᠢ ᠠᠮᠵᠢᠯᠲᠠ ᠲᠠᠢ ᠲᠡᠭᠦᠰᠭᠡᠪᠡ
ᠨᠡᠶᠢᠲᠡᠯᠡᠭᠰᠡᠨ ᠴᠠᠭ᠄
2024/7/3
    6 ᠰᠠᠷ᠎ᠠ ᠶᠢᠨ 14     ᠤ ᠡᠳᠦᠷ ᠠᠴᠠ 6 ᠰᠠᠷ᠎ᠠ ᠶᠢᠨ 21     ᠤ ᠡᠳᠦᠷ ᠪᠣᠯᠲᠠᠯ᠎ᠠ᠂ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠪᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ ᠤᠨ ᠠᠵᠢᠯᠲᠠᠨ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠦ ᠲᠤᠰᠬᠠᠶ ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠠᠵᠢᠯ ᠳᠤ ᠨᠡᠶᠢᠲᠡ 11 ᠠᠵᠢᠯ ᠤᠨ ᠪᠠᠶᠢᠷᠢ ᠲᠣᠬᠢᠷᠠᠭᠤᠯᠵᠤ᠂ 20 ᠬᠥᠮᠦᠨ ᠣᠷᠣᠭᠤᠯᠬᠤ ᠪᠠᠷ ᠲᠥᠯᠥᠪᠯᠡᠵᠦ᠂ ᠠᠯᠪᠠᠨ ᠤ ᠰᠦᠯᠵᠢᠶ᠎ᠡ ᠪᠠᠷ ᠴᠢᠳᠠᠪᠤᠷᠢᠲᠠᠨ ᠡᠯᠰᠡᠬᠦ ᠮᠡᠳᠡᠭᠡ ᠵᠠᠩᠭᠢ ᠨᠡᠶᠢᠲᠡᠯᠡᠬᠦ᠂ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ᠂ ᠬᠥᠮᠦᠨ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠶᠠᠪᠤᠴᠠ ᠪᠠᠷ ᠶᠠᠪᠤᠭᠳᠠᠭᠤᠯᠤᠨ᠎ᠠ᠃    ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ ᠠᠴᠠ ᠮᠠᠨ ᠤ ᠬᠤᠲᠠ ᠶᠢᠨ ᠠᠩᠬᠠᠳᠤᠭᠠᠷ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠲᠠᠲᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶ ᠮᠡᠷᠭᠡᠵᠢᠯ ᠤᠨ ᠨᠠᠷᠢᠨ ᠬᠢᠨᠠᠮᠠᠭᠠᠶ ᠣᠪᠣᠷ ᠢᠶᠠᠷ ᠲᠣᠰ ᠤᠳᠠᠭᠠᠨ ᠤ ᠰᠢᠯᠭᠠᠯᠲᠠ ᠶᠢᠨ ᠠᠮᠵᠢᠯᠲᠠ ᠲᠠᠢ ᠶᠠᠪᠤᠭᠳᠠᠯᠠᠭᠤᠯᠬᠤ ᠶᠢ ᠪᠠᠲᠤᠯᠠᠨ᠎ᠠ᠃    ᠲᠣᠰ ᠤᠳᠠᠭᠠᠨ ᠤ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠨᠢ ᠴᠢᠩᠭ᠎ᠠ ᠨᠢᠮᠪᠠᠶ᠂ ᠵᠢᠷᠤᠮᠵᠢᠯ ᠲᠠᠢ ᠪᠠᠶᠢᠵᠤ᠂ ᠰᠢᠯᠭᠠᠯᠲᠠ ᠡᠬᠢᠯᠡᠬᠦ ᠠᠴᠠ ᠡᠮᠦᠨ᠎ᠡ᠂ ᠠᠵᠢᠯᠲᠠᠨ ᠰᠢᠯᠭᠠᠭᠤᠯᠤᠭᠴᠢ ᠳᠤ ᠴᠢᠩᠭ᠎ᠠ ᠨᠢᠮᠪᠠᠶ ᠬᠢᠷᠢ ᠬᠡᠮ ᠤᠨ ᠬᠢᠨᠠᠨ ᠬᠠᠷᠭᠤᠭᠤᠯᠤᠯᠲᠠ ᠪᠠ ᠦᠨᠡᠮᠯᠡᠯ ᠤᠨ ᠬᠢᠨᠠᠨ ᠰᠢᠯᠭᠠᠯᠲᠠ ᠬᠢᠵᠦ᠂ ᠰᠢᠯᠭᠠᠯᠲᠠ ᠶᠢᠨ ᠪᠥᠬᠦ ᠶᠠᠪᠤᠴᠠ ᠶᠢᠨ ᠳᠦᠷᠰᠦ ᠰᠢᠩᠭᠡᠭᠡᠯᠲᠡ ᠬᠢᠵᠦ᠂ ᠲᠤᠬᠠᠶ ᠶᠢᠨ ᠲᠠᠯᠠᠪᠤᠷ ᠲᠤ ᠬᠢᠷᠢ ᠪᠦᠲᠦᠮᠵᠢ ᠶᠢ ᠨᠢ ᠮᠡᠳᠡᠭᠳᠡᠵᠦ᠂ ᠪᠥᠬᠦ ᠶᠠᠪᠤᠴᠠ᠂ ᠪᠥᠬᠦ ᠭᠤᠭᠴᠤᠭ᠎ᠠ ᠶᠢ ᠢᠯᠡ ᠲᠣᠳᠣᠷᠬᠠᠶ ᠪᠣᠯᠭᠠᠵᠤ᠂ ᠡᠯᠰᠡᠬᠦ ᠪᠥᠬᠦ ᠶᠠᠪᠤᠴᠠ ᠨᠢ ᠴᠢᠩᠭ᠎ᠠ ᠨᠢᠮᠪᠠᠶ ᠪᠥᠭᠡᠳ ᠡᠮᠬᠢ ᠵᠢᠷᠤᠮ ᠲᠠᠢ ᠪᠠᠶᠢᠵᠤ᠂ ᠰᠢᠯᠢᠨ ᠰᠣᠩᠭᠤᠬᠤ ᠠᠵᠢᠯ ᠤᠨ ᠡᠷᠬᠡ ᠲᠡᠭᠰᠢ ᠪᠠ ᠲᠥᠪ ᠭᠤᠤᠯᠴᠢ ᠪᠠᠶᠢᠬᠤ ᠶᠢ ᠪᠠᠲᠤᠯᠠᠭᠰᠠᠨ ᠪᠠᠶᠢᠨ᠎ᠠ᠃    ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠴᠢᠳᠠᠪᠤᠷᠢᠲᠠᠨ ᠡᠯᠰᠡᠬᠦ ᠠᠵᠢᠯ ᠨᠢ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠦᠦᠱᠯᠠᠭᠤᠯᠵᠤ᠂ ᠴᠢᠳᠠᠪᠤᠷᠢᠲᠠᠨ ᠡᠯᠰᠡᠬᠦ ᠠᠷᠭ᠎ᠠ ᠵᠠᠮ ᠢ ᠥᠷᠭᠡᠳᠬᠡᠨ᠂ ᠮᠠᠨ ᠤ ᠬᠤᠲᠠ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠰᠢᠯᠢᠳᠡᠭ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ