ᠵᠠᠯᠠᠨ ᠠᠶᠢᠯ ᠤᠨ ᠮᠦᠽᠧᠢ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ‌ᠠᠬᠢᠭᠤᠯᠪᠠ
ᠨᠡᠶᠢᠲᠡᠯᠡᠭᠰᠡᠨ ᠴᠠᠭ᠄
2024/7/3
    ᠮᠠᠨ ᠤ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ  ᠵᠦᠢᠯ  ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠠᠴᠠ ᠨᠠᠰᠢ᠂ ᠵᠠᠯᠠᠨ ᠠᠶᠢᠯ ᠤᠨ ᠮᠦᠽᠧᠶ ᠨᠢ ᠵᠠᠯᠠᠨ ᠠᠶᠢᠯ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ  ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ ᠤᠨ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠵᠢᠯ ᠤᠨ ᠡᠭᠦᠷᠭᠡ ᠶᠢᠨ ᠲᠥᠯᠥᠪᠯᠡᠭᠡ ᠶᠢᠨ ᠬᠦᠰᠦᠨᠦᠭᠲᠦ ᠶᠢ ᠲᠣᠭᠲᠠᠭᠠᠭᠰᠠᠭᠠᠷ ᠢᠷᠡᠵᠡᠶ᠃     ᠵᠠᠯᠠᠨ ᠠᠶᠢᠯ ᠤᠨ ᠮᠦᠽᠧᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠩᠬᠢ ︽ᠲᠦᠷᠪᠡᠨ ᠭᠤᠭᠴᠤᠭ᠎ᠠ︾ ᠶᠢ ᠣᠨᠣᠪᠴᠢᠲᠠᠢ ᠡᠵᠡᠮᠳᠡᠵᠡᠢ᠄ ᠨᠢᠭᠡ ᠳᠤ᠂ ᠡᠯ᠎ᠡ ᠲᠦᠷᠦᠯ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ‍ᠤᠨ‌ᠨᠡᠶᠢᠳᠡᠮ ᠤᠨ ᠪᠠᠶᠢᠴᠠᠭᠠᠯᠲᠠ ᠶᠢ ᠪᠦᠷᠬᠦᠬᠦᠯᠬᠦ ᠶᠢ ᠪᠡᠶᠡᠯᠡᠭᠦᠯᠵᠦ᠂ ᠨᠡᠶᠢᠳᠡᠮ ᠤᠨ ᠪᠠᠶᠢᠴᠠᠭᠠᠯᠲᠠ ᠶᠢᠨ ᠡᠲᠡᠭᠡᠳ ᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ︔ ᠬᠤᠶᠠᠷ ᠲᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯ ᠤᠨ ᠮᠡᠳᠡᠭᠡ ᠵᠠᠩᠭᠢ ᠶᠢᠨ ᠳᠡᠩᠰᠡᠯᠡᠯᠲᠡ ᠶᠢᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠳᠡᠩᠰᠡᠯᠡᠯᠲᠡ ᠶᠢᠨ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ︔  ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠳᠥᠷᠪᠡ ᠳᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠳᠠᠭᠠᠯᠠᠵᠤ᠂ ᠪᠡᠯᠡᠳᠬᠡᠯ ᠢ ᠪᠣᠳᠠᠲᠠᠶᠢᠵᠢᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ᠣᠳᠣᠬᠠᠨ ᠳᠤ᠂ ᠡᠮᠦᠨᠡᠬᠢ ᠬᠤᠭᠤᠴᠠᠭᠠᠨ ᠤ ᠵᠣᠬᠢᠴᠠᠯᠳᠤᠯ ᠢᠶᠠᠷ ᠳᠡᠮᠵᠢᠨ᠂ ᠲᠣᠰ ᠭᠠᠷᠠᠭ ᠲᠤ ︽ᠳᠥᠷᠪᠡᠨ ᠲᠦᠭᠡᠮᠡᠯᠵᠢᠭᠦᠯᠦᠯᠲᠡ︾ ᠶᠢᠨ ᠠᠵᠢᠯ ᠢ ᠴᠢᠨᠠᠷ ᠰᠠᠶᠢᠲᠠᠶ ᠳᠥᠯᠭᠢᠨ ᠠᠬᠢᠭᠤᠯᠵᠤ᠂ ᠣᠲᠣ ᠨᠢᠭᠡᠨᠲᠡ ᠮᠠᠨ ᠤ ᠬᠤᠲᠠ ᠶᠢᠨ 26 ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠴᠢᠬ ᠤᠨ ᠮᠠᠲ᠋ᠧᠷᠢᠶᠠᠯ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠳᠠᠬᠢᠨ ᠬᠢᠨᠠᠬᠤ ᠠᠵᠢᠯ ᠢ ᠪᠡᠶᠡᠯᠡᠭᠦᠯᠵᠡᠶ᠂ ᠡᠭᠦᠨ ᠳᠤ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠡ 21  ᠪᠠᠶᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠡ 2 ᠪᠠᠶᠢᠵᠦ᠂ ᠵᠠᠯᠠᠨ ᠠᠶᠢᠯ ᠬᠤᠲᠠ ᠶᠢᠨ ᠲᠠᠰ ᠤᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠡ 3 ᠪᠣᠶ᠃    ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠤᠨ ᠮᠦᠽᠧᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠩᠬᠢ ᠶᠢᠨ ᠬᠢᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠨᠤᠲᠠᠯᠠᠨ ᠳᠠᠩᠰᠠᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠳ᠋ᠦᠩ ᠳᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠲᠤᠰᠬᠠᠬᠤ ᠶᠢ ᠪᠠᠲᠤᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠠᠮᠢᠶᠠᠷᠬᠤ᠂ ᠰᠤᠳᠤᠯᠤᠨ ᠠᠰᠢᠭᠯᠠᠬᠤ ᠵᠡᠷᠭᠡ ᠠᠵᠢᠯ ᠢ ᠠᠬᠢᠭᠤᠯᠵᠤ᠂ ᠮᠠᠨ ᠤ ᠬᠤᠳᠠ ᠶᠢᠨ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠲᠡᠭᠦᠰ‌ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ