ᠹᠠᠨ ᠷᠥᠩ ᠵᠡᠭᠡᠯᠢ ᠭᠤᠳᠤᠮᠵᠢ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ  ᠲᠠᠢ ᠬᠤᠯᠪᠤᠭᠠᠯᠠᠨ ︽ᠪᠠᠭ᠎ᠠ ᠠᠵᠢᠯ ᠤᠨ ᠪᠠᠶᠢᠷᠢ ᠶᠡᠭᠡ ᠳᠦᠷᠢ ᠲᠥᠷᠬᠦ᠂ ᠡᠪ ᠬᠠᠮᠲᠤ ᠨᠠᠮ ᠤᠨ ᠭᠡᠰᠢᠭᠦᠨ ᠳᠡᠷᠭᠡᠳᠡ  ᠪᠠᠶᠢᠬᠤ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/7/3
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠤᠯᠭᠠᠬᠤ ᠶᠢᠨ ᠲᠦᠯᠦᠭᠡ ᠪᠤᠯᠤᠨ᠎ᠠ᠃ 7 ᠰᠠᠷ᠎ᠠ ᠶᠢᠨ 2     ᠤᠨ ᠡᠳᠦᠷ᠂  ᠹᠠᠨ ᠷᠥᠩ‌ᠵᠡᠭᠡᠯᠢ ᠭᠤᠳᠤᠮᠵᠢ ᠶᠢᠨ  ᠭᠤᠸᠠᠩ‌ᠮᠢᠩ ᠨᠡᠶᠢᠭᠡᠮ ᠲᠣᠭᠤᠷᠢᠭ ᠤᠨ ᠬᠠᠮᠲᠤᠷᠠᠭᠰᠠᠨ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ︽ᠪᠠᠭ᠎ᠠ ᠠᠵᠢᠯ ᠤᠨ ᠪᠠᠶᠢᠷᠢ ᠶᠡᠭᠡ ᠳᠦᠷᠢ ᠲᠥᠷᠬᠦ᠂ ᠡᠪ ᠬᠠᠮᠲᠤ ᠨᠠᠮ ᠤᠨ ᠭᠡᠰᠢᠭᠦᠨ ᠳᠡᠷᠭᠡᠳᠡ ᠪᠠᠶᠢᠬᠤ︾ ᠲᠥᠷᠥ ᠶᠢᠨ ᠪᠣᠳᠣᠯᠭ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠪᠣᠯᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ ᠨᠢᠭᠤᠷᠲᠠᠨ ᠲᠠᠶᠢᠯᠪᠤᠷᠢᠯᠠᠬᠤ ᠠᠷᠭ᠎ᠠ ᠶᠢ ᠠᠪᠴᠤ᠂ ᠣᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠶ ᠪᠠᠷ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠤ ᠳᠤᠷᠠᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠲᠤᠬᠠᠶ ᠲᠠᠨᠢᠯᠲᠠ ᠶᠢ ᠨᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠴᠠᠭᠠᠵᠠ ᠠᠴᠠ ᠠᠷᠠᠳ ᠢᠷᠭᠡᠳ ᠲᠤ ᠣᠯᠭᠤᠭᠰᠠᠨ ᠡᠷᠬᠡ ᠪᠠ ᠡᠭᠦᠷᠭᠡ ᠶᠢ ᠣᠶᠢᠯᠠᠭᠠᠵᠤ᠂ ᠤᠯᠠᠨ ᠲᠦᠮᠡᠨ ᠢ ᠬᠠᠪᠰᠤᠷᠤᠨ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠤᠬᠠᠮᠰᠠᠷ ᠢ ᠪᠤᠢ ᠪᠣᠯᠭᠠᠬᠤ ᠶᠢᠨ ᠬᠠᠮᠲᠤ ᠬᠠᠷᠢᠶ᠎ᠠ ᠣᠷᠣᠨ ᠤ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠥᠨ ᠳᠠᠭᠠᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠳᠡᠭ ᠢ ᠭᠦᠨᠵᠡᠭᠡᠢ ᠲᠠᠨᠢᠭᠤᠯᠬᠤ ᠬᠡᠷᠡᠭᠲᠡᠢ᠃     ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠢᠳᠡᠪᠬᠢᠲᠡᠶ ᠲᠤᠰᠬᠠᠯ ᠪᠠ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠠᠶ᠂ ᠲᠠᠷᠠᠭᠠᠴᠢ ᠶᠢᠨ ᠠᠯᠬᠤᠮ ᠳᠤ᠂  ᠭᠤᠸᠠᠩ‌ᠮᠢᠩ ᠨᠡᠶᠢᠭᠡᠮ ᠲᠣᠭᠤᠷᠢᠭ ᠤᠨ ᠬᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠠᠭ ᠲᠤᠬᠠᠶ ᠳᠤᠨᠢ ᠲᠦᠭ ᠲᠦᠮᠡᠨ ᠠᠶᠢᠯ ᠡᠷᠦᠬᠡ ᠳᠤ ᠬᠦᠷᠲᠡᠯ᠎ᠡ ᠤᠬᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ