ᠵᠠᠯᠠᠨ ᠠᠶᠢᠯ ᠬᠤᠲᠠ ᠡᠮᠴᠢᠯᠡᠭᠡᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
    8 ᠰᠠᠷ᠎ᠠ ᠶᠢᠨ 16     ᠤ ᠡᠳᠦᠷ᠂ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠡᠲᠡᠭᠡᠳ ᠤᠨ ᠢᠯᠭᠠᠯ ᠤᠨ ᠭᠡᠰᠢᠭᠦᠳ ᠤᠨ ᠠᠵᠢᠯᠯᠠᠬᠤ ᠲᠠᠰᠤᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠯᠥᠨ ᠪᠤᠶᠢᠷ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠵᠠᠯᠠᠨ ᠠᠶᠢᠯ ᠬᠤᠲᠠ ᠶᠢᠨ ᠰᠢᠶᠠᠩ ᠶᠠᠩ ᠠᠯᠪᠠᠨ ᠵᠢᠷᠤᠮ ᠤᠨ ᠠᠵᠢᠯᠴᠢᠨ ᠪᠠ ᠰᠠᠶᠢᠨ ᠳᠤᠷ᠎ᠠ ᠶᠢᠨ ᠠᠵᠢᠯᠲᠠᠨ ᠤ ᠨᠡᠶᠢᠭᠡᠮᠯᠢᠭ ᠲᠠᠢ ᠬᠠᠮᠲᠤᠷᠠᠨ ︽ᠡᠷᠡᠭᠦᠯ ᠮᠡᠨᠳᠦ ᠶᠢᠨ  ᠦᠢᠯᠡᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠰᠡᠳᠬᠢᠯ ᠢ ᠳᠤᠯᠠᠭᠠᠴᠠᠭᠤᠯᠬᠤ ᠠᠯᠪᠠᠨ ᠵᠢᠷᠤᠮ ᠤᠨ ᠡᠮᠴᠢᠯᠡᠭᠡ ᠳᠤ ᠬᠠᠶᠢᠷ᠎ᠠ ᠬᠠᠯᠠᠮᠵᠢ ᠬᠦᠷᠭᠡᠬᠦ ︾ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠯᠢ ᠵᠢᠶᠦ᠋ᠨ ᠠᠵᠢᠯᠯᠠᠭ᠎ᠠ ᠳᠤ ᠣᠷᠣᠯᠴᠠᠪᠠ᠃
1.jpg 
2.jpg 
    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠨᠢ ᠳᠣᠲᠣᠷ ᠡᠮᠨᠡᠯᠭᠡ᠂ ᠭᠠᠳᠠᠷ ᠡᠮᠨᠡᠯᠭᠡ᠂ ᠡᠮᠡᠭᠲᠡᠶ ᠶᠢᠨ ᠰᠠᠯᠠᠭ᠎ᠠ ᠵᠡᠷᠭᠡ ᠣᠯᠠᠨ ᠰᠠᠯᠠᠭ᠎ᠠ ᠲᠠᠰᠤᠭ ᠢ ᠬᠠᠮᠤᠷᠴᠤ᠂ ᠰᠢᠶᠠᠩ ᠶᠠᠩ ᠵᠡᠭᠡᠯᠢ ᠭᠤᠳᠤᠮᠵᠢ ᠶᠢᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠬᠦ ᠶᠢᠨ ᠬᠠᠮᠲᠤ ᠡᠮᠨᠡᠨ ᠵᠠᠰᠠᠬᠤ ᠠᠷᠭ᠎ᠠ ᠭᠠᠷᠭᠠᠵᠤ᠂ ᠦᠶ᠎ᠡ ᠭᠡᠰᠢᠭᠦᠦ ᠡᠪᠡᠳᠬᠦ᠂ ᠪᠤᠯᠴᠢᠩ ᠲᠠᠲᠠᠭᠳᠠᠨ ᠰᠢᠷᠬᠠᠲᠤᠬᠤ ᠵᠡᠷᠭᠡ ᠲᠠᠯ᠎ᠠ ᠶᠢᠨ ᠠᠰᠠᠭᠤᠳᠠᠯ ᠳᠤ ᠬᠠᠷᠢᠭᠤᠯᠲᠠ ᠥᠭᠴᠡᠶ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠶᠢᠨ ᠳᠤᠷ᠎ᠠ ᠶᠢᠨ ᠠᠵᠢᠯᠴᠢᠨ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤ ᠪᠠᠷ ᠡᠮᠨᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠤᠨ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠷᠡᠭᠦᠯ ᠮᠡᠨᠳᠤ ᠶᠢ ᠬᠠᠮᠠᠭᠠᠯᠠᠬᠤ ᠮᠡᠳᠡᠯᠭᠡ᠂ ᠪᠡᠶ᠎ᠡ ᠰᠤᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠪᠠ᠃     ᠵᠠᠯᠠᠨ ᠠᠶᠢᠯ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨ ᠡᠯ᠎ᠡ ᠲᠠᠯ᠎ᠠ ᠶᠢᠨ ᠬᠦᠴᠦᠨ ᠲᠠᠢ ᠭᠠᠷ ᠬᠤᠯᠪᠣᠯᠴᠠᠵᠤ᠂ ᠤᠯᠠᠨ ᠬᠡᠯᠪᠡᠷᠢ ᠶᠢᠨ᠂ ᠡᠯᠪᠡᠭ ᠪᠠᠶᠠᠯᠢᠭ ᠠᠭᠤᠯᠭ᠎ᠠ  ᠲᠠᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠨᠡᠩ ᠤᠯᠠᠨ ᠥᠷᠨᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ