ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ  ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ    ᠳ᠋ᠠ ᠾᠧ ᠸᠠᠨ ᠪᠠᠯᠭᠠᠰᠤᠨ ᠳᠤ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
    ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠨᠥᠬᠦᠴᠡᠯ ᠢ ᠦᠨᠡᠨ ᠬᠦ ᠬᠠᠮᠠᠭᠠᠯᠠᠵᠤ᠂ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠣᠶᠢᠷ᠎ᠠ ᠳᠤ᠂ ᠳ᠋ᠠ ᠾᠧ ᠸᠠᠨ ᠪᠠᠯᠭᠠᠰᠤᠨ ᠳᠤ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠪᠡ᠃    ᠲᠣᠭᠤᠷᠢᠨ ᠪᠠᠶᠢᠴᠠᠭᠠᠬᠤ ᠠᠵᠢᠯ ᠤᠨ ᠳᠤᠮᠳᠠ᠂ ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠥᠳᠡᠯᠦᠩᠭᠦᠶ ᠲᠣᠭᠤᠷᠢᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠪᠠ ᠭᠤᠤᠯᠳᠠᠯᠭ᠎ᠠ ᠲᠠᠢ  ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠪᠠ᠃ ᠪᠦᠬᠦ ᠲᠠᠯ᠎ᠠ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠢᠨ ᠹᠦ᠋  ᡁᠢ ᠯᠦ ᠲᠣᠰᠬᠤᠨ᠂  ᠨᠤᠸᠠᠨ ᠴᠢᠤᠸᠠᠨ ᠲᠣᠰᠬᠤᠨ ᠤ ᠬᠠᠤᠯᠢ ᠠᠴᠠ ᠵᠥᠷᠢᠴᠡᠨ ᠡᠯᠡᠰᠦ ᠮᠠᠯᠲᠠᠭᠰᠠᠨ ᠠᠵᠢᠯᠯᠠᠭ᠎ᠠ᠂ ᠴᠢᠯᠠᠭᠤ ᠭᠠᠷᠭᠠᠭᠰᠠᠨ ᠠᠵᠢᠯᠯᠠᠭ᠎ᠠ ᠣᠯᠠᠨ ᠭᠠᠷᠳᠠᠭ ᠬᠡᠳᠦᠨ ᠭᠠᠵᠠᠷ ᠣᠷᠣᠨ ᠢ ᠲᠣᠭᠤᠷᠢᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠡᠭᠦᠨ ᠤ ᠬᠠᠮᠲᠤ᠂ ᠬᠤᠲᠠ ᠶᠢᠨ ᠱᠠᠲᠤᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ  ᠦᠢᠯᠡ ᠠᠵᠢᠯᠯᠠᠭ᠎ᠠ ᠳᠤ ᠬᠠᠮᠲᠤ ᠪᠠᠷ ᠴᠣᠬᠢᠯᠲᠠ ᠥᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠴᠣᠬᠢᠯᠲᠠ ᠥᠭᠴᠦ᠂ ᠨᠢᠭᠡ ᠶᠢ ᠵᠠᠯᠬᠠᠭᠠᠨ ᠰᠢᠳᠬᠡᠵᠦ᠂ ᠨᠢᠭᠡ ᠶᠢ ᠰᠡᠷᠡᠮᠵᠢᠯᠡᠭᠦᠯᠬᠦ ᠶᠢ ᠪᠡᠶᠡᠯᠡᠭᠦᠯᠵᠦ᠂ ᠪᠥᠬᠦ ᠪᠠᠯᠭᠠᠰᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠦᠷᠭᠦᠯᠵᠢᠯᠡᠨ ᠥᠨᠳᠥᠷ ᠳᠠᠷᠤᠯᠲᠠ ᠶᠢᠨ ᠪᠠᠶᠢᠳᠠᠯ ᠢᠶᠠᠨ ᠪᠠᠲᠤᠯᠠᠵᠤ᠂ ᠲᠣᠭᠤᠷᠢᠨ ᠪᠠᠶᠢᠴᠠᠭᠠᠬᠤ ᠤᠳᠠᠭ᠎ᠠ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ ᠦᠢᠯᠡ ᠠᠵᠢᠯᠯᠠᠭ᠎ᠠ ᠶᠢᠨ ᠳᠠᠬᠢᠨ ᠰᠡᠷᠭᠦᠬᠦ ᠶᠢ ᠰᠡᠷᠭᠡᠶᠢᠯᠡᠨ᠎ᠡ᠃ ᠡᠭᠦᠨ ᠤ ᠬᠠᠮᠲᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ  ᠵᠦᠢᠯ  ᠤᠨ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠬᠠᠤᠯᠢ ᠪᠤᠰᠤ ᠪᠠᠷ ᠡᠯᠡᠰᠦ ᠮᠠᠯᠲᠠᠬᠤ᠂ ᠴᠢᠯᠠᠭᠤ ᠭᠠᠷᠭᠠᠬᠤ ᠶᠢᠨ ᠬᠤᠤᠷ ᠬᠥᠨᠥᠭᠡᠯ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠣᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠳ᠋ᠠ ᠾᠧ ᠸᠠᠨ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ