ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/8/26
    ᠰᠣᠶᠣᠯ ᠵᠢᠭᠤᠯᠴᠢᠯᠠᠯ ᠤᠨ ᠶᠠᠮᠤᠨ ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠪᠡ    ᠣᠳᠣᠬᠠᠨ ᠳᠤ᠂ ᠮᠠᠨ ᠤ ᠤᠯᠤᠰ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠨᠡ ᠬᠦ ᠬᠤᠭᠤᠴᠠᠭᠠᠨ ᠳᠤ ᠬᠡᠴᠡᠭᠦᠦ ᠠᠭᠤᠷ ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠥᠷᠭᠡᠨ ᠣᠯᠠᠨ ᠵᠢᠭᠤᠯᠴᠢᠯᠠᠭᠴᠢᠳ ᠲᠤ ᠵᠢᠭᠤᠯᠴᠢᠯᠠᠯ ᠤᠨ ᠲᠠᠯ᠎ᠠ ᠪᠠᠷ ᠬᠢ ᠠᠮᠤᠷ ᠲᠦᠪᠰᠢᠨ ᠢᠶᠠᠨ ᠣᠨᠴᠠ ᠠᠩᠬᠠᠷᠬᠤ ᠶᠢ ᠰᠠᠨᠠᠭᠤᠯᠪᠠ᠄ ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠩᠬᠠᠷᠤᠨ᠎ᠠ᠃ ᠵᠢᠭᠤᠯᠴᠢᠯᠠᠨ ᠣᠴᠢᠬᠤ ᠭᠠᠵᠠᠷ ᠵᠢᠴᠢ ᠵᠠᠮ ᠳᠠᠭᠠᠤ ᠶᠢᠨ ᠠᠭᠤᠷ ᠠᠮᠢᠰᠬᠤᠯ ᠤᠨ ᠪᠠᠶᠢᠳᠠᠯ᠂ ᠢᠯᠠᠩᠭᠤᠶ᠎ᠠ ᠴᠠᠭ ᠠᠭᠤᠷ ᠪᠣᠯᠤᠨ ᠭᠠᠵᠠᠷ ᠬᠦᠷᠦᠰᠦᠨ ᠤ ᠭᠠᠮᠰᠢᠭ ᠤᠨ ᠲᠠᠯ᠎ᠠ ᠪᠠᠷ ᠬᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ ᠪᠠᠨ ᠵᠣᠬᠢᠰᠲᠠᠶ ᠲᠦᠯᠦᠪᠵᠢᠭᠦᠯᠵᠦ ᠴᠠᠭ ᠲᠤᠬᠠᠶ ᠳᠤ ᠨᠢ ᠵᠣᠬᠢᠴᠠᠭᠤᠯᠬᠤ ᠬᠡᠷᠡᠭᠲᠡᠶ᠃ ᠬᠤᠶᠠᠷ ᠲᠤ᠂ ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠠᠵᠢᠯ ᠢ ᠰᠠᠶᠢᠲᠤᠷ ᠬᠢᠨ᠎ᠡ᠃ ᠮᠠᠰᠢᠨ ᠲᠡᠷᠭᠡ ᠵᠢᠯᠣᠭᠤᠳᠬᠤ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠳᠤ ᠪᠠᠨ ᠵᠠᠪᠠᠯ ᠠᠶᠤᠯ ᠦᠭᠡᠢ ᠪᠦᠰᠡ ᠶᠢ ᠪᠦᠰᠡᠯᠡᠬᠦ ᠬᠡᠷᠡᠭᠲᠡᠢ᠃ ᠭᠤᠷᠪᠠ ᠳᠤ᠂ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ ᠲᠤ ᠪᠠᠨ ᠬᠤᠨᠣᠭᠯᠠᠬᠤ ᠳᠤ ᠭᠠᠯ ᠠᠴᠠ ᠵᠠᠶᠢᠯᠠᠵᠤ ᠵᠢᠭᠤᠲᠠᠬᠤ ᠵᠠᠮ ᠵᠢᠴᠢ ᠣᠷᠣᠨ ᠰᠠᠭᠤᠴᠠ ᠶᠢᠨ ᠡᠷᠬᠢᠨ ᠲᠣᠭᠤᠷᠢᠨ ᠳᠠᠬᠢ ᠠᠮᠤᠷ ᠲᠦᠪᠰᠢᠨ ᠢᠶᠠᠨ ᠪᠠᠲᠤᠯᠠᠬᠤ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ ᠠᠪᠤᠭᠰᠠᠨ ᠪᠠᠶᠢᠬᠤ ᠬᠡᠷᠡᠭᠲᠡᠶ᠃    ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠤᠭ᠍ᠷᠠᠮ ᠤᠨ ︽ᠦᠶᠡᠷ ᠢ ᠰᠡᠷᠭᠡᠶᠢᠯᠡᠬᠦ ᠦᠢᠯᠡᠴᠢᠯᠡᠭᠡᠨ ᠤ ᠲᠤᠰᠬᠠᠶ ᠪᠣᠯᠣᠩ     ᠦᠶᠡᠷ ᠤᠨ ᠰᠡᠷᠡᠮᠵᠢᠯᠡᠭᠦᠯᠦᠯ᠂ ᠦᠶᠡᠷ ᠤᠨ ᠪᠠᠶᠢᠳᠠᠯ ᠢ ᠮᠡᠳᠡᠭᠡᠯᠡᠨ᠎ᠡ →
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ