ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠲᠣᠭᠲᠠᠴᠠ ᠶᠢ ᠬᠡᠷᠬᠢᠨ ᠪᠠᠶᠢᠭᠤᠯᠬᠤ ᠪᠤᠢ︖
ᠨᠡᠶᠢᠲᠡᠯᠡᠭᠰᠡᠨ ᠴᠠᠭ᠄
2024/8/26
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠢ ᠠᠯᠢ ᠤᠯᠠᠨ ᠰᠢᠨ᠎ᠡ ᠪᠠᠶᠢᠷᠢᠯᠠᠭᠤᠯᠤᠯᠲᠠ ᠬᠢᠪᠡ᠃ ᠡᠭᠦᠨ ᠳᠤ ︽ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ︾ ᠱᠠᠭᠠᠷᠳᠠᠯᠭ᠎ᠠ ᠶᠢ ᠨᠢ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠪᠠ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ ᠪᠠᠶᠢᠭ᠎ᠠ ᠠᠬᠤᠢ ᠪᠠᠶᠢᠳᠠᠯ ᠳᠤ ᠶᠠᠭᠠᠬᠢᠵᠤ ᠨᠠᠶᠢᠳᠠᠪᠤᠷᠢᠵᠢᠭᠤᠯᠪᠠᠯ ᠵᠣᠬᠢᠬᠤ ᠪᠤᠢ︖    ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠠᠶᠢᠳ ᠸᠠᠩ ᠰᠢᠶᠤᠤ ᠫᠢᠩ᠄ ︽ᠴᠢᠨᠠᠷ ᠰᠠᠶᠢᠲᠠᠶ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯ ᠣᠯᠭᠤᠯᠲᠠ ᠶᠢᠨ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ ︽ᠲᠣᠭᠲᠠᠭᠠᠯ︾ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠠᠷ ᠬᠠᠷᠠᠯᠲᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠤᠭᠤᠳᠤᠯᠭ᠎ᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠴᠢᠩᠭᠠᠷᠠᠭᠤᠯᠬᠤ ᠪᠠᠷ ᠭᠠᠷᠳᠠᠴᠠ᠂ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠨ ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠢ ᠰᠠᠶᠢᠵᠢᠷᠠᠭᠤᠯᠬᠤ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ︾ ᠬᠡᠮᠡᠪᠡ᠃    ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠥᠳᠡᠯᠮᠦᠷᠢᠯᠡᠬᠦ ᠨᠠᠰᠤᠨ ᠤ ᠬᠥᠮᠦᠨ ᠠᠮᠠ ᠲᠠᠰᠤᠷᠠᠯᠲᠠ ᠦᠭᠡᠢ ᠪᠠᠭᠠᠰᠤᠭᠰᠠᠨ ᠪᠣᠯᠪᠠᠴᠤ ᠬᠥᠳᠡᠯᠮᠦᠷᠢ ᠬᠦᠴᠦᠨ ᠤ ᠶᠡᠷᠦᠩᠬᠡᠢ ᠬᠡᠪᠴᠢᠶ᠎ᠡ ᠮᠥᠨ ᠯᠡ ᠠᠰᠤᠷᠤ ᠶᠡᠭᠡ ᠪᠠᠶᠢᠭ᠎ᠠ ᠪᠣᠯᠬᠤᠷ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠮᠥᠨ ᠣᠷᠣᠰᠢᠭᠰᠠᠭᠠᠷ ᠪᠠᠶᠢᠨ᠎ᠠ᠃ ᠡᠭᠦᠨ ᠤ ᠬᠠᠮᠲᠤ᠂ ᠬᠥᠳᠡᠯᠮᠦᠷᠢ ᠬᠦᠴᠦᠨ ᠤ ᠪᠦᠲᠦᠴᠡ ᠳᠤ ᠭᠦᠨᠵᠡᠭᠡᠶ ᠬᠤᠪᠢᠷᠠᠯᠲᠠ ᠭᠠᠷᠴᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ᠂ ᠰᠢᠨ᠎ᠡ ᠪᠠᠷ ᠪᠤᠢ ᠪᠣᠯᠣᠬᠰᠠᠨ ᠠᠵᠤ ᠦᠢᠯᠡᠰ ᠤᠨ ᠪᠤᠶᠢᠵᠢᠨ ᠪᠤᠵᠠᠭᠠᠶᠢᠷᠠᠯᠲᠠ ᠪᠠ ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠯ ᠤᠨ ᠪᠥᠲᠥᠭᠡᠨ ᠪᠠᠶᠢᠭᠤᠯᠤᠯᠲᠠ ᠵᠡᠷᠭᠡ ᠨᠢ ᠬᠥᠳᠡᠯᠮᠦᠷᠢᠴᠢᠳ ᠤᠨ ᠤᠷ᠎ᠠ ᠮᠡᠷᠭᠡᠰᠢᠯ ᠤᠨ ᠬᠢᠷᠢ ᠲᠦᠪᠰᠢᠨ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠳᠤᠲᠠᠭᠳᠠᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠳᠣᠬᠢᠷᠠᠯᠴᠠᠬᠤ ᠦᠭᠡᠢ᠂ ︽ ᠠᠵᠢᠯ ᠪᠠᠶᠢᠪᠠᠴᠤ ᠬᠢᠬᠦ ᠬᠦᠳᠡᠯᠮᠦᠷᠢ ᠬᠦᠴᠦ ᠦᠭᠡᠢ᠂ ᠬᠦᠳᠡᠯᠮᠦᠷᠢ ᠬᠦᠴᠦ ᠪᠠᠶᠢᠪᠠᠴᠤ ᠬᠢᠬᠦ ᠠᠵᠢᠯ ᠦᠭᠡᠢ︾ ᠪᠠᠶᠢᠳᠠᠯ ᠵᠡᠷᠭᠡ ᠪᠠᠷ ᠣᠷᠣᠰᠢᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠵᠠᠢ ᠃    ᠸᠠᠩ ᠰᠢᠶᠤᠤ ᠫᠢᠩ ᠢᠯᠡᠷᠬᠡᠶᠢᠯᠡᠬᠦ ᠳᠤ ᠪᠠᠨ ︽ᠡᠷᠬᠡᠪᠰᠢ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠪᠠᠭᠲᠠᠭᠠᠮᠵᠢ ᠪᠠᠨ ᠥᠷᠭᠡᠳᠬᠡᠬᠦ ᠶᠠᠪᠤᠴᠠ ᠪᠣᠯᠭᠠᠬᠤ ᠬᠡᠷᠡᠭᠲᠡᠶ᠃ ︾ ᠡᠳ᠋ ᠤᠨ ᠵᠠᠰᠠᠭ᠂ ᠵᠣᠭᠤᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠬᠢᠭᠡᠳ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠤᠯᠪᠤᠭᠠᠯᠠᠵᠤ ᠬᠥᠳᠡᠯᠦᠯᠴᠡᠬᠦ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠳᠡᠯᠮᠦᠷᠢ ᠬᠦᠴᠦ ᠶᠢ ᠣᠷᠣᠭᠤᠯᠤᠨ ᠠᠪᠤᠳᠠᠭ ᠭᠤᠤᠯ ᠪᠣᠯᠬᠤ ᠠᠷᠭ᠎ᠠ ᠵᠠᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ ᠃ ᠡᠭᠦᠨ ᠤ ᠬᠠᠮᠲᠤ ᠠᠵᠢᠯ ᠣᠯᠭᠤᠯᠲᠠ ᠳᠤ ᠨᠥᠬᠦᠷᠰᠡᠭ ᠬᠡᠯᠪᠡᠷᠢ ᠪᠦᠬᠦᠢ ᠬᠥᠭᠵᠢᠯᠲᠡ ᠶᠢᠨ ᠠᠷᠭ᠎ᠠ ᠪᠠᠷᠢᠯ ᠢ ᠢᠳᠡᠪᠬᠢᠲᠡᠢ ᠪᠤᠢ ᠪᠣᠯᠭᠠᠵᠤ ᠂ ᠰᠠᠶᠢᠨ ᠰᠠᠶᠢᠬᠠᠨ ᠠᠵᠢᠯ ᠣᠯᠭᠤᠯᠲᠠ ᠶᠢᠨ ᠠᠮᠢ ᠠᠬᠤᠢ ᠶᠢ ᠪᠣᠢ ᠪᠣᠯᠭᠠᠨ᠎ᠠ᠃    ︽ ᠲᠣᠭᠲᠠᠭᠠᠯ︾ ᠳᠤ ︽ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠨ᠎ᠡ︾ ᠭᠡᠵᠦ ᠴᠢᠬᠤᠯᠠᠴᠢᠯᠠᠪᠠ᠃ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠤᠷ᠎ᠠ ᠮᠡᠷᠭᠡᠰᠢᠯᠳᠦ ᠴᠢᠳᠠᠪᠤᠷᠢᠲᠠᠳ ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃    ︽ᠪᠢᠳᠡ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠲᠣᠭᠲᠠᠴᠠ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠᠨ ᠴᠢᠩᠭᠠᠳᠬᠠᠨ᠎ᠠ᠃ ᠬᠦᠮᠦᠵᠢᠬᠦᠯᠬᠦ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠬᠦᠳᠴᠥ᠂ ᠠᠵᠦ ᠠᠬᠤᠶᠢᠯᠠᠯ ᠤᠨ ᠬᠦᠮᠦᠵᠢᠬᠦᠯᠥᠨ ᠭᠡᠷᠡᠭᠯᠡᠬᠦ ᠭᠤᠤᠯ ᠴᠣᠠᠠᠴᠠ ᠶᠢᠨ ᠦᠢᠯᠡᠳᠣᠯ ᠢ ᠨᠢ ᠬᠦᠢᠴᠡᠳ ᠪᠠᠳᠡᠷᠡᠭᠤᠯᠥᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠳ ᠤᠨ ᠬᠥᠭᠵᠢᠯᠲᠡ ᠶᠢᠨ ᠵᠠᠮ ᠢ ᠰᠢᠯᠤᠭᠤᠳᠬᠠᠵᠤ᠂ ᠤᠷ᠎ᠠ ᠮᠡᠷᠭᠡᠰᠢᠯᠳᠦ ᠴᠢᠳᠠᠪᠤᠷᠢᠲᠠᠳ ᠤᠨ ᠬᠦᠯᠦᠰᠦ ᠣᠯᠭᠤᠮᠵᠢ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠤᠷᠤᠯᠳᠤᠭᠠᠨ ᠨᠤᠭᠤᠳ ᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ︾ ᠬᠡᠮᠡᠨ ᠸᠠᠩ ᠰᠢᠶᠤᠤ ᠫᠢᠩ ᠬᠡᠯᠡᠪᠡ ᠃    ᠸᠠᠩ ᠰᠢᠶᠣᠤ ᠫᠢᠩ ᠢᠯᠡᠷᠬᠡᠶᠢᠯᠡᠬᠦ ᠳᠤ ᠪᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠢ ᠴᠢᠬᠤᠯᠠ ᠠᠴᠠ ᠴᠢᠬᠤᠯᠠ ᠪᠠᠷ ᠦᠵᠡᠵᠦ᠂ ᠠᠵᠢᠯ ᠣᠯᠭᠤᠬᠤ ᠣᠷᠣᠨ ᠵᠠᠶ ᠶᠢ ᠨᠢ ᠥᠷᠭᠡᠳᠬᠡᠨ᠂ ᠦᠰᠦᠨ ᠪᠤᠶᠢᠵᠢᠬᠤ ᠵᠠᠮ ᠢ ᠨᠢ ᠰᠢᠯᠤᠭᠤᠳᠬᠠᠵᠤ᠂ ᠦᠢᠯᠡᠴᠢᠯᠡᠭᠡ ᠪᠠ ᠠᠵᠢᠯ ᠤᠯᠬᠤ ᠦᠵᠡᠯᠲᠡ ᠶᠢ ᠨᠢ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠤᠨ᠎ᠠ᠃ ᠬᠦᠯᠦᠰᠦᠨ ᠠᠵᠢᠯᠴᠢᠳ ᠤᠨ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠤ ᠪᠠᠨ ᠠᠵᠢᠯ ᠣᠯᠬᠤ ᠶᠢ ᠨᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠬᠦᠳᠡᠯᠮᠦᠷᠢᠯᠡᠬᠦ ᠬᠡᠪᠴᠢᠶ᠎ᠡ ᠪᠠ ᠬᠦᠳᠡᠯᠮᠦᠷᠢᠯᠡᠭᠰᠡᠨ ᠣᠷᠣᠯᠭ᠎ᠠ ᠶᠢ ᠨᠢ ᠲᠣᠭᠲᠠᠪᠤᠷᠢᠲᠠᠶ ᠪᠠᠶᠢᠯᠭᠠᠨ᠎ᠠ ᠃ ᠠᠵᠢᠯ ᠣᠯᠬᠤ ᠳᠤ ᠬᠦᠴᠢᠷᠲᠡᠶ ᠬᠥᠮᠦᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠵᠡᠷᠭᠡ ᠪᠠᠲᠤᠯᠠᠵᠤ ᠲᠥᠪᠬᠢᠨᠡᠭᠦᠯᠬᠦ ᠠᠵᠢᠯ ᠢ ᠴᠢᠩᠭᠠᠷᠠᠭᠤᠯᠤᠨ᠎ᠠ ᠭᠡᠵᠦ ᠭᠤᠣᠯᠳᠠᠯᠭ᠎ᠠ ᠪᠣᠯᠬᠤ ᠬᠦᠮᠦᠰ ᠤᠨ ᠠᠵᠢᠯ ᠣᠯᠬᠤ ᠳᠤ ᠴᠢᠭᠯᠡᠭᠦᠯᠦᠨ ᠬᠡᠯᠡᠪᠡ ᠃    ︽ᠲᠣᠭᠲᠠᠭᠠᠯ︾ ᠳᠤ ᠳᠤᠷᠠᠳᠤᠭᠰᠠᠨ ᠶᠣᠰᠣᠭᠠᠷ᠂ ︽ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ ︾ ᠂ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠢ ᠴᠤ ᠪᠠᠶᠢᠷᠢᠯᠠᠭᠤᠯᠤᠨ ᠠᠬᠢᠭᠤᠯᠵᠤ ᠲᠦᠷᠭᠡᠪᠴᠢᠯᠡᠨ ᠨᠠᠶᠢᠳᠠᠪᠤᠷᠢᠵᠢᠭᠤᠯᠵᠤ ᠪᠠᠶᠢᠨ᠎ᠠ᠃    ᠪᠥᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ ᠰᠠᠶᠢᠲᠤᠷ ᠠᠰᠢᠭᠯᠠᠵᠤ ᠂ ︽ᠲᠣᠮᠣ ᠳ᠋ᠠᠶᠢᠲ᠋ᠠ + ᠲᠡᠮᠦᠷ ᠤᠯᠠ ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠲᠦᠷᠢᠮ ᠢᠶᠠᠨ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠳᠤ ᠳᠣᠬᠢᠷᠠᠭᠰᠠᠨ ᠬᠥᠳᠡᠯᠮᠦᠷᠢ ᠬᠦᠴᠦᠨ ᠤ ᠡᠷᠬᠡ ᠠᠰᠢᠭ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ ᠁ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠯᠠᠨ ᠲᠠᠯ᠎ᠠ ᠠᠴᠠ ᠵᠡᠷᠭᠡ ᠳᠤ ᠨᠢ ᠦᠢᠯᠡᠴᠢᠯᠡᠭᠡ ᠪᠠᠨ ᠰᠢᠯᠢᠳᠡᠭᠵᠢᠭᠦᠯᠦᠨ᠂ ᠠᠵᠢᠯ ᠣᠯᠭᠤᠯᠲᠠ ᠶᠢᠨ ᠨᠠᠩ ᠡᠷᠬᠡ ᠲᠡᠭᠰᠢ ᠣᠷᠴᠢᠨ ᠨᠥᠬᠦᠴᠡᠯ ᠢ ᠪᠣᠶ ᠪᠣᠯᠭᠠᠨ᠎ᠠ ᠃    ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠬᠦ ᠳᠤ ᠡᠨᠡ ᠵᠢᠯ ᠠᠴᠠ ᠨᠠᠭᠠᠰᠢ ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠮᠥᠨ ᠳᠣᠤᠷ᠎ᠠ ᠪᠠᠶᠢᠨ᠎ᠠ᠃ 1 ᠠᠴᠠ 6 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠬᠤᠲᠠ ᠪᠠᠯᠭᠠᠰᠤᠨ ᠤ 698 ᠲᠦᠮᠡᠨ ᠬᠥᠮᠦᠨ ᠰᠢᠨ᠎ᠡ ᠪᠠᠷ ᠠᠵᠢᠯ ᠣᠯᠵᠤ ᠂ ᠠᠳᠠᠯᠢ ᠬᠤᠭᠤᠴᠠᠭᠠᠨ ᠤ ᠬᠢ ᠠᠴᠠ 20 ᠲᠦᠮᠡᠨ ᠬᠥᠮᠦᠨ ᠨᠡᠮᠡᠭᠳᠡᠭᠡᠳ ᠪᠦᠬᠦ ᠵᠢᠯ ᠤᠨ ᠬᠠᠷᠠᠯᠲᠠᠲᠤ ᠡᠭᠦᠷᠭᠡ ᠶᠢᠨ ᠢᠶᠠᠨ 58% ᠶᠢ ᠪᠡᠶᠡᠯᠡᠭᠦᠯᠪᠡ᠃    ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠦᠩ ᠢᠯᠡᠷᠬᠡᠶᠢᠯᠡᠬᠦ ᠳᠤ ᠪᠠᠨ ᠂ ︽ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ ᠢᠨᠵᠧᠨᠧᠷᠢᠩ ᠮᠥᠨ ᠃ ︾ ᠪᠠᠶᠢᠭᠤᠯᠤᠯ ᠲᠣᠭᠲᠠᠴᠠ ᠶᠢᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠤᠯᠲᠠ ᠪᠠᠨ ᠠᠬᠢᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠨ ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠠᠵᠢᠯ ᠣᠯᠭᠤᠯᠲᠠ ᠶᠢᠨ ᠠᠵᠢᠯ ᠤᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠡᠶ᠃    ︽ᠡᠷᠬᠡᠪᠰᠢ ᠥᠭᠡᠷᠡᠴᠢᠯᠡᠯᠲᠡ ᠭᠡᠳᠡᠭ ᠡᠨᠡ ᠬᠦ ᠬᠤᠪᠣᠷ ᠡᠷᠳᠡᠨᠢ ᠶᠢ ᠰᠠᠶᠢᠲᠤᠷ ᠠᠰᠢᠭᠯᠠᠵᠤ ᠂ ᠭᠠᠳᠠᠭᠠᠳᠤ ᠣᠷᠴᠢᠨ ᠨᠥᠭᠦᠴᠡᠯ ᠤᠨ ᠬᠤᠪᠢᠷᠠᠯᠲᠠ᠂ ᠬᠥᠮᠦᠨ ᠠᠮᠠ ᠶᠢᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠴᠠ ᠠᠵᠢᠯ ᠣᠯᠭᠤᠯᠲᠠ ᠶᠢᠨ ᠬᠦᠷᠢᠶᠡᠨ ᠳᠤ ᠠᠪᠴᠢᠷᠠᠭᠰᠠᠨ ᠡᠯ᠎ᠡ ᠵᠦᠢᠯ ᠤᠨ ᠲᠦᠭᠰᠢᠭᠦᠷᠢ ᠪᠠ ᠥᠷᠢᠰᠥᠯᠳᠦᠭᠡᠨ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠵᠢᠯ ᠣᠯᠭᠤᠯᠲᠠ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠬᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠨ᠎ᠠ᠃ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯᠯᠠᠭᠠᠨ ᠤ ᠲᠥᠯᠥᠪᠵᠢᠭᠦᠯᠭᠡ ᠶᠢ ᠰᠢᠰᠲ᠋ᠧᠮ ᠲᠠᠢ ᠲᠥᠯᠥᠪᠯᠡᠵᠦ᠂ ᠠᠵᠢᠯ ᠣᠯᠭᠤᠯᠲᠠ ᠶᠢᠨ ᠬᠥᠭᠵᠢᠯᠲᠡ ᠳᠠᠬᠢ ᠭᠤᠣᠯᠳᠠᠯᠭ᠎ᠠ ᠪᠣᠯᠬᠤ ᠂ ᠬᠦᠴᠢᠷ ᠪᠠ ᠪᠡᠷᠬᠡ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠬᠡᠷᠡᠭᠲᠡᠢ︾ ᠬᠡᠮᠡᠨ ᠮᠥᠸᠧ ᠷᠦᠩ ᠬᠡᠯᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ