ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠰᠠᠨᠠᠭᠤᠯᠬᠤ ᠨᠢ
ᠨᠡᠶᠢᠲᠡᠯᠡᠭᠰᠡᠨ ᠴᠠᠭ᠄
2024/8/26
    ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠡᠨᠡ ᠬᠤᠶᠠᠷ ᠵᠦᠢᠯ ᠢ ᠠᠩᠬᠠᠷᠤᠮᠤ︕    ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠪᠠᠷ ᠪᠠᠶᠢᠨ᠎ᠠ ᠤᠤ ︖ ᠡᠨᠡ ᠵᠢᠯ ᠠᠴᠠ ᠨᠠᠭᠠᠰᠢ᠂ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠵᠢᠨ ᠡᠷᠴᠢᠮ ᠨᠢ ᠲᠠᠰᠤᠷᠠᠯᠲᠠ ᠦᠭᠡᠢ ᠴᠢᠩᠭᠠᠷᠠᠭᠰᠠᠭᠠᠷ ᠢᠷᠡᠵᠡᠢ ᠃ ᠬᠡᠷᠪᠡ ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠶᠢ ᠪᠣᠳᠣᠯᠬᠢᠯᠠᠵᠤ ᠪᠠᠶᠢᠪᠠᠯ ᠳᠠᠷᠠᠭᠠᠬᠢ ᠵᠦᠢᠯᠡᠰ ᠢ ᠠᠩᠬᠠᠷᠪᠠᠯ ᠵᠣᠬᠢᠨ᠎ᠠ ᠄    ① ᠭᠠᠷ ᠤᠲᠠᠰᠤᠨ ᠤ ᠳ᠋ᠤᠭᠠᠷ ᠢᠶᠠᠨ ᠠᠶᠤᠯ ᠦᠭᠡᠢ ᠪᠠᠷ ᠰᠢᠯᠵᠢᠭᠦᠯᠬᠦ ᠪᠤᠶᠤ ᠬᠦᠴᠦᠨ ᠦᠭᠡᠢ ᠪᠣᠯᠭᠠᠬᠤ ᠶᠢ ᠠᠩᠬᠠᠷᠤᠭᠠᠷᠠᠢ ᠃    ᠬᠡᠷᠪᠡ ᠭᠠᠷ ᠤᠲᠠᠰᠤᠨ ᠤ ᠰᠢᠨ᠎ᠡ ᠳ᠋ᠤᠭᠠᠷ ᠠᠪᠬᠤ ᠪᠤᠶᠤ ᠣᠫᠧᠷᠠᠲ᠋ᠣᠷ ᠢᠶᠠᠨ ᠰᠣᠯᠢᠬᠤ ᠴᠢᠬᠤᠯᠠ ᠲᠠᠢ ᠪᠣᠯ ᠤᠷᠢᠳ ᠢᠶᠠᠷ ᠥᠪᠡᠷ ᠤᠨ ᠪᠡᠶ᠎ᠡ ᠶᠢᠨ ᠦᠨᠡᠮᠯᠡᠯ ᠲᠠᠢ ᠪᠠᠨ ᠬᠤᠯᠪᠤᠭᠰᠠᠨ ᠭᠠᠷ ᠤᠲᠠᠰᠤᠨ ᠤ ᠳ᠋ᠤᠭᠠᠷ ᠬᠡᠳᠦᠢ ᠪᠠᠶᠢᠬᠤ ᠭᠡᠳᠡᠭ ᠢᠶᠠᠨ ᠪᠠᠶᠢᠴᠠᠭᠠᠨ ᠦᠵᠡᠵᠦ᠂ ᠳᠠᠷᠠᠭᠠᠴᠢ ᠪᠠᠷ ᠣᠫᠧᠷᠠᠲ᠋ᠣᠷ ᠲᠠᠢ ᠬᠠᠷᠢᠯᠴᠠᠵᠤ ᠪᠠᠶᠢᠭᠠᠳ ᠭᠠᠷ ᠤᠲᠠᠰᠤᠨ ᠤ ᠳ᠋ᠤᠭᠠᠷ ᠢᠶᠠᠨ ᠰᠢᠯᠵᠢᠭᠦᠯᠬᠦ ᠪᠤᠶᠤ ᠬᠦᠴᠦᠨ ᠦᠭᠡᠢ ᠳᠤ ᠪᠣᠯᠭᠠᠬᠤ ᠳᠤ ᠳᠦᠭᠦᠮ ᠪᠣᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠪᠢᠴᠢᠯ ᠫᠷᠣᠭ᠍ᠷᠠᠮ ︽ ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ ︾ ᠦᠢᠯᠡᠴᠢᠯᠡᠭᠡ ᠪᠠᠷ ᠲᠡᠷᠡ ᠳᠠᠷᠤᠢ ᠳᠤ ᠨᠢ ᠪᠠᠶᠢᠴᠠᠭᠠᠨ ᠯᠠᠪᠯᠠᠬᠤ ᠳᠤ ᠳᠥᠭᠦᠮ ᠪᠠᠶᠢᠳᠠᠭ ᠃    ② ᠮᠡᠷᠭᠡᠵᠢᠯ ᠤᠨ ᠪᠥᠭᠡᠳ ᠡᠷᠬᠡ ᠰᠦᠷᠲᠦ ᠠᠷᠠᠯᠵᠢᠶᠠᠯᠠᠬᠤ ᠲᠠᠪᠴᠠᠩ ᠢ ᠰᠣᠩᠭᠤᠵᠤ ᠂ ᠳ᠋ᠠᠶᠢᠲ᠋ᠠ ᠪᠠᠨ ᠵᠠᠳᠠᠷᠠᠭᠤᠯᠬᠤ ᠠᠴᠠ ᠰᠡᠷᠭᠡᠶᠢᠯᠡᠭᠡᠷᠡᠢ᠃    ᠭᠠᠷ ᠤᠲᠠᠰᠤᠨ ᠳᠤ ᠬᠤᠪᠢ ᠬᠥᠮᠥᠨ ᠤ ᠨᠢᠭᠤᠴᠠ ᠮᠡᠳᠡᠭᠡ ᠵᠠᠩᠭᠢ ᠣᠯᠠᠨ ᠬᠠᠳᠠᠭᠠᠯᠠᠭᠳᠠᠵᠤ ᠪᠠᠶᠢᠳᠠᠭ ᠂ ᠬᠠᠭᠤᠴᠢᠨ ᠭᠠᠷ ᠤᠲᠠᠰᠤ ᠪᠠᠨ ᠰᠣᠯᠢᠬᠤ ᠳᠤ ᠵᠥᠪᠬᠡᠨ ᠬᠠᠭᠤᠴᠢᠨ ᠭᠠᠷ ᠤᠲᠠᠰᠤᠨ ᠤ ︽ ᠡᠯᠡᠭᠳᠡᠯ ᠦᠨ᠎ᠡ ︾ ᠶᠢ ᠯᠠ ᠠᠩᠬᠠᠷᠤᠭᠠᠳ ᠪᠠᠶᠢᠵᠤ ᠪᠣᠯᠬᠤ ᠦᠭᠡᠢ ᠂ ᠡᠷᠬᠡᠪᠰᠢ ᠮᠡᠷᠭᠡᠵᠢᠯ ᠤᠨ ᠪᠥᠭᠡᠳ ᠡᠷᠬᠡ ᠰᠦᠷᠲᠦ ᠲᠠᠪᠴᠠᠩ ᠢ ᠰᠣᠩᠭᠤᠨ ᠠᠷᠠᠯᠵᠢᠶᠠᠯᠠᠬᠤ ᠬᠡᠷᠡᠭᠲᠡᠢ ᠃    ᠡᠭᠦᠨ ᠢ ᠰᠢᠷᠪᠢᠵᠦ ︽ ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ ︾ ᠦᠢᠯᠡᠴᠢᠯᠡᠭᠡ ᠪᠠᠷ ᠦᠢᠯᠡᠴᠢᠯᠡᠭᠦᠯᠦᠭᠡᠷᠡᠢ 
1.png
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ