ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠵᠡᠮᠵᠢ ᠶᠢᠨ ᠣᠷᠣᠨ ᠤ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ  ᠰᠣᠳᠣᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
    ᠣᠶᠢᠷ᠎ᠠ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 3 ᠡᠳᠦᠷ ᠳᠠᠷᠠᠭᠠᠯᠠᠨ ᠬᠤᠲᠠ ᠶᠢᠨ ᠰᠣᠶᠣᠯ ᠪᠡᠶ᠎ᠡ ᠶᠢᠨ ᠵᠢᠭᠤᠯᠴᠢᠯᠠᠯ ᠤᠨ ᠪᠠᠯᠠ ᠣᠷᠣᠭᠤᠯᠤᠯᠲᠠ ᠪᠠ ᠪᠥᠬᠦ ᠬᠤᠲᠠ ᠶᠢᠨ 40 ᠭᠠᠷᠤᠶ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠥᠷᠭᠡᠳᠬᠡᠬᠦ ᠶᠠᠷᠢᠯᠴᠠᠬᠤ ᠬᠤᠷᠠᠯ ᠢ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠴᠦᠨ ᠵᠢᠤᠸᠠᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠣᠰ ᠲᠣᠰ ᠤᠨ ᠠᠵᠤ ᠠᠬᠤᠶᠢᠯᠠᠯ ᠤᠨ  ᠦᠢᠯᠡᠴᠢᠯᠡᠭᠡᠨ ᠤ ᠪᠠᠶᠢᠷᠢ ᠲᠣᠭᠲᠠᠭᠠᠯᠲᠠ᠂ ᠠᠵᠢᠯ ᠡᠷᠭᠢᠯᠡᠭᠰᠡᠳ ᠤᠨ ᠪᠣᠯᠪᠠᠰᠤᠷᠠᠭᠤᠯᠤᠯ᠂ ᠡᠵᠡᠩᠨᠡᠯᠲᠡ ᠶᠢᠨ ᠤᠬᠠᠭᠠᠯᠠᠭ᠎ᠠ ᠵᠢᠴᠢ ᠲᠠᠷᠠᠭᠠᠴᠢ ᠶᠢᠨ ᠠᠯᠬᠤᠮ ᠤᠨ ᠠᠵᠢᠯᠯᠠᠭ᠎ᠠ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠭᠳᠡᠭᠦᠯᠬᠦ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ᠂ ᠥᠪᠡᠷᠮᠢᠴᠡ ᠣᠨᠴᠠᠯᠢᠭ ᠲᠠᠢ  ᠦᠢᠯᠡᠳᠭᠦᠨ ᠢ ᠪᠣᠶ ᠪᠣᠯᠭᠠᠬᠤ᠂ ᠢᠵᠢ ᠪᠥᠷᠢᠳᠦᠭᠦᠯᠬᠦ  ᠦᠢᠯᠡᠴᠢᠯᠡᠭᠡ ᠶᠢ ᠳᠡᠭᠡᠭᠰᠢᠯᠡᠭᠦᠯᠬᠦ᠂ ᠤᠬᠠᠭᠤᠯᠭ᠎ᠠ ᠪᠣᠷᠣᠯᠠᠭᠤᠯᠭ᠎ᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠵᠠᠯᠭᠠᠭ᠎ᠠ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃     ᠳᠠᠷᠠᠭᠠᠴᠢ ᠶᠢᠨ ᠠᠯᠬᠤᠮ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢ ᠡᠵᠡᠮᠰᠢᠬᠦ ᠲᠠᠯ᠎ᠠ ᠪᠠᠷ᠂ ᠪᠢᠴᠢᠭ ᠤᠨ ᠪᠠᠷᠢᠭᠠᠳᠠ ᠶᠢᠨ ᠲᠠᠨᠢᠯᠴᠠᠭᠤᠯᠭ᠎ᠠ ᠶᠢᠨ ᠳᠠᠷᠤᠭ᠎ᠠ ᠶᠢᠨ ᠤᠬᠠᠭᠤᠯᠭ᠎ᠠ ᠳᠤ᠂ ︽ᠵᠠᠩᠭᠢᠯᠠᠭ᠎ᠠ ᠶᠢᠨ ᠴᠡᠭ︾᠂ ︽ᠵᠠᠮ ᠬᠠᠷᠢᠯᠴᠠᠭ᠎ᠠ︾᠂ ︽ᠦᠢᠯᠡᠴᠢᠯᠡᠭᠡ︾ ᠵᠡᠷᠭᠡ ᠪᠠᠷ ᠳᠠᠮᠵᠢᠭᠤᠯᠤᠨ ᠦᠢᠯᠡᠴᠢᠯᠡᠭᠡᠨ ᠤ ᠬᠡᠯᠪᠡᠷᠢ ᠶᠢᠨ ᠪᠠᠶᠢᠭᠤᠯᠤᠯᠭ᠎ᠠ ᠵᠦᠭ ᠠᠯᠬᠤᠮ ᠠᠯᠬᠤᠮ ᠢᠶᠠᠷ ᠬᠤᠪᠢᠷᠠᠵᠤ᠂ ᠡᠨᠡ ᠵᠢᠯ ᠤᠨ ᠠᠯᠲᠠᠨ ᠨᠠᠮᠤᠷ ᠤᠨ ᠤᠯᠠᠷᠢᠯ ᠤᠨ ᠮᠥᠩᠭᠦᠨ ᠡᠪᠦᠯ ᠤᠨ ᠴᠠᠰᠤᠨ ᠳᠤ ᠭᠤᠯᠭᠤᠬᠤ ᠵᠡᠷᠭᠡ ᠰᠢᠷᠢᠰ ᠠᠵᠢᠯᠯᠠᠭ᠎ᠠ ᠳᠤ ᠲᠦᠰᠢᠭᠯᠡᠨ᠂ ᠮᠠᠨ ᠤ ᠬᠤᠲᠠ ᠶᠢᠨ ᠪᠦᠬᠦ ᠴᠠᠷᠠᠭᠠᠨ ᠤ ᠰᠣᠶᠣᠯ ᠵᠤᠭᠠᠴᠠᠯ ᠤᠨ ᠡᠬᠢ ᠪᠠᠶᠠᠯᠢᠭ ᠢ ᠪᠠᠶᠢᠩᠭᠤᠵᠢᠭᠤᠯᠤᠨ ᠨᠡᠶᠢᠳᠬᠡᠵᠦ᠂ ᠰᠣᠶᠣᠯ ᠵᠤᠭᠠᠴᠠᠯ ᠤᠨ ᠬᠠᠩᠭᠠᠯᠭ᠎ᠠ ᠶᠢ ᠨᠡᠶᠢᠳᠬᠡᠬᠦ ᠲᠠᠪᠴᠠᠩ ᠢ ᠬᠠᠮᠲᠤᠪᠠᠷ ᠪᠠᠶᠢᠭᠤᠯᠵᠤ᠂ ᠰᠣᠳᠣᠨ ᠵᠤᠭᠠᠴᠠᠯ ᠤᠨ ᠵᠠᠮ ᠱᠤᠭᠤᠮ ᠤᠨ ᠪᠦᠲᠦᠭᠡᠭᠳᠡᠬᠦᠨ ᠢ ᠬᠠᠮᠲᠤᠪᠠᠷ ᠴᠣᠭᠴᠠᠯᠠᠵᠤ᠂ ᠵᠠᠮ ᠱᠤᠭᠤᠮ ᠤᠨ ᠨᠡᠪᠲᠡᠷᠡᠯᠴᠡᠭᠡ ᠶᠢ ᠠᠬᠢᠭᠤᠯᠵᠤ᠂ ᠬᠤᠨᠤᠭ ᠪᠠᠭᠤᠳᠠᠯ᠂ ᠬᠤᠭᠤᠯᠠ ᠤᠮᠳᠠ᠂ ᠵᠤᠭ᠎ᠠ ᠴᠡᠩᠭᠡᠯ ᠵᠡᠷᠭᠡ ᠬᠠᠷᠠᠭᠠᠯᠵᠠᠯ ᠤᠨ ᠦᠨ᠎ᠡ ᠬᠠᠩᠰᠢ ᠶᠢᠨ ᠬᠠᠮᠵᠢᠯᠴᠠᠭᠠᠨ ᠤ ᠰᠢᠰᠲᠧᠮ ᠢ ᠪᠠᠶᠢᠭᠤᠯᠵᠤ᠂ ᠥᠨᠳᠥᠷ ᠶᠠᠰᠤ ᠴᠢᠨᠠᠷ ᠲᠠᠢ ᠪᠥᠭᠡᠳ ᠢᠯᠡ ᠲᠣᠳᠣ ᠣᠨᠴᠠᠯᠢᠭ ᠲᠠᠢ ᠰᠣᠳᠣᠨ ᠵᠠᠮ ᠱᠤᠭᠤᠮ ᠢ ᠬᠠᠮᠲᠤᠷᠠᠨ ᠭᠠᠷᠭᠠᠵᠤ᠂ ᠵᠤᠭᠠᠴᠠᠭᠰᠠᠳ ᠤᠨ ᠢᠷᠡᠯᠲᠡ ᠶᠢ ᠥᠪᠡᠷᠮᠢᠴᠡᠵᠢᠭᠦᠯᠬᠦ ᠂ ᠵᠠᠬᠢᠶᠠᠯᠠᠨ ᠦᠢᠯᠡᠳᠬᠦ ᠶᠢ ᠪᠡᠶᠡᠯᠡᠭᠦᠯᠵᠦ᠂ ᠵᠤᠭᠠᠴᠠᠭᠰᠠᠳ ᠲᠤ ᠨᠡᠩ ᠡᠯᠪᠡᠭ ᠪᠠᠶᠠᠯᠢᠭ ᠤᠯᠠᠨ ᠡᠰᠢᠲᠦ ᠰᠣᠳᠣᠨ ᠵᠤᠭᠠᠴᠠᠯ ᠤᠨ ᠠᠶᠠᠯᠠᠯ ᠢ ᠬᠠᠩᠭᠠᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ