ᠲᠢᠶᠧ ᠳ᠋ᠦᠩ ᠵᠡᠭᠡᠯᠢ ᠭᠤᠳᠤᠮᠵᠢ ᠶᠢᠨ ᠬᠢᠨ ᠲᠢᠶᠧ ᠳ᠋ᠦᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠷᠲᠡᠭᠡ ᠲᠠᠢ ᠭᠠᠷ ᠬᠤᠯᠪᠣᠨ ︽ᠪᠦᠬᠦ ᠠᠷᠠᠳ ᠢᠶᠠᠷ ᠢᠶᠠᠨ ᠨᠣᠮ ᠤᠩᠰᠢᠬᠤ︾ ᠨᠣᠮ ᠤᠩᠰᠢᠬᠤ ᠶᠢ ᠬᠠᠮᠲᠤᠪᠠᠷ ᠡᠳ᠋ᠯᠡᠬᠦ ᠰᠢᠷᠢᠰ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/27
    ᠨᠣᠮ ᠤᠩᠰᠢᠬᠤ ᠪᠣᠯ ᠮᠡᠳᠡᠯᠭᠡ ᠤᠯᠬᠤ᠂ ᠤᠶᠤᠨ ᠤᠬᠠᠭᠠᠨ ᠢᠶᠠᠨ ᠨᠡᠮᠡᠭᠳᠡᠭᠦᠯᠬᠦ ᠴᠢᠬᠤᠯᠠ ᠠᠷᠭ᠎ᠠ ᠬᠡᠯᠪᠡᠷᠢ ᠮᠥᠨ᠃ ᠪᠣᠯᠪᠠᠰᠤᠨ ᠢ ᠤᠯᠠᠮᠵᠢᠯᠠᠨ ᠬᠥᠭᠵᠢᠭᠦᠯᠵᠦ᠂ ᠠᠷᠠᠳ ᠢᠷᠭᠡᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠵᠢᠴᠢ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠶ ᠪᠠᠶᠠᠯᠢᠭᠵᠢᠭᠤᠯᠤᠨ ᠳᠡᠭᠡᠭᠰᠢᠯᠡᠭᠦᠯᠬᠦ ᠶᠢᠨ ᠲᠥᠯᠥᠭᠡ᠂ ︽ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠬᠤ︾ ᠰᠠᠶᠢᠨ ᠰᠠᠶᠢᠬᠠᠨ ᠬᠡᠪ ᠰᠤᠷᠲᠠᠯ ᠪᠣᠯᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ᠪᠦᠬᠦ ᠠᠷᠠᠳ ᠤᠨ ᠤᠩᠰᠢᠯᠭ᠎ᠠ ᠳᠤ ᠣᠷᠣᠯᠴᠠᠭᠤᠯᠵᠤ᠂ ᠪᠦᠬᠦ ᠠᠷᠠᠳ ᠤᠨ ᠤᠩᠰᠢᠯᠭ᠎ᠠ ᠶᠢᠨ ᠠᠵᠢᠯ ᠪᠣᠯᠤᠨ ᠨᠣᠮ ᠤᠨ ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠤᠢᠢᠷ᠎ᠠ ᠶᠢᠨ ᠡᠳᠦᠷ᠂ ᠲᠢᠶᠧ ᠳ᠋ᠦᠩ ᠵᠡᠭᠡᠯᠢ ᠭᠤᠳᠤᠮᠵᠢ ᠶᠢᠨ ᠬᠢᠨ ᠲᠢᠶᠧ ᠳ᠋ᠦᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠷᠳᠡᠭᠡ ᠲᠠᠢ ᠬᠠᠮᠲᠤᠷᠠᠨ ︽ᠪᠦᠬᠦ ᠠᠷᠠᠳ ᠤᠨ ᠤᠩᠰᠢᠯᠭ᠎ᠠ︾ ᠶᠢᠨ ᠤᠩᠰᠢᠯᠭ᠎ᠠ ᠶᠢ ᠬᠠᠮᠲᠤᠪᠠᠷ ᠡᠳ᠋ᠯᠡᠬᠦ ᠰᠢᠷᠢᠰ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃    ᠠᠵᠢᠯᠯᠠᠭ᠎ᠠ ᠳᠤ ᠣᠷᠣᠯᠴᠠᠭᠰᠠᠳ ᠲᠢᠶᠧ ᠳ᠋ᠦᠩ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡᠨ ᠳᠤ ᠬᠦᠷᠴᠦ ᠥᠪᠡᠷ ᠤᠨ ᠬᠡᠷᠡᠭᠰᠡᠬᠦ ᠨᠣᠮ ᠪᠢᠴᠢᠭ ᠢᠶᠠᠨ ᠰᠣᠩᠭᠤᠵᠤ᠂ ᠨᠠᠮ ᠰᠡᠯᠡᠭᠦᠨ ᠠᠭᠤᠷ ᠠᠮᠢᠰᠬᠤᠯ ᠤᠨ ᠳᠤᠮᠳᠠ᠂ ᠵᠠᠷᠢᠮ ᠨᠢ ᠨᠠᠷᠢᠨ ᠬᠢᠨᠠᠮᠠᠭᠠᠶ ᠤᠩᠰᠢᠵᠤ᠂ ᠵᠠᠷᠢᠮ ᠨᠢ ᠬᠠᠷᠢᠯᠴᠠᠨ ᠶᠠᠷᠢᠯᠴᠠᠨ ᠰᠤᠷᠤᠯᠴᠠᠵᠤ᠂ ᠵᠠᠷᠢᠮ ᠨᠢ ᠲᠡᠮᠳᠡᠭᠯᠡᠯ ᠬᠢᠵᠦ᠂ ᠡᠭᠦᠨ ᠤ ᠳᠣᠲᠣᠷ᠎ᠠ ᠴᠤᠭ ᠵᠢᠪᠬᠤᠭ᠎ᠠ ᠪᠠᠳᠠᠷᠠᠭᠰᠠᠨ ᠵᠠᠯᠠᠭᠤᠴᠤᠳ᠂ ᠵᠠᠷᠢᠮ ᠨᠢ ᠪᠤᠭᠤᠷᠤᠯᠲᠤᠭᠰᠠᠨ ᠢᠳᠡᠷ ᠥᠲᠡᠯᠦᠭᠡ ᠨᠠᠰᠤᠨ ᠤ ᠬᠥᠮᠦᠰ ᠪᠦᠷ ᠥᠪᠡᠷ ᠤᠨ ᠲᠣᠭᠤᠭᠰᠠᠨ ᠨᠣᠮ ᠢᠶᠠᠨ ᠠᠪᠴᠤ ᠪᠠᠶᠠᠷ ᠬᠥᠷ ᠲᠠᠢ ᠪᠠᠷ ᠤᠩᠰᠢᠵᠤ᠂ ᠡᠷᠳᠡᠮ ᠮᠡᠳᠡᠯᠭᠡ ᠶᠢᠨ ᠲᠡᠯᠡᠶ ᠲᠠᠩᠭᠢᠰ ᠢᠶᠠᠷ ᠬᠠᠨᠲᠠᠯ᠎ᠠ  ᠵᠤᠭᠠᠴᠠᠪᠠ᠃ ᠳᠠᠷᠠᠭ᠎ᠠ ᠪᠠᠷ ᠨᠢ ᠤᠯᠠᠨ ᠲᠦᠮᠡᠨ ᠳᠤ ᠡᠯ᠎ᠡ ᠲᠦᠷᠦᠯ ᠤᠨ ᠤᠳᠬ᠎ᠠ ᠤᠷᠠᠯᠢᠭ᠂ ᠤᠳᠬ᠎ᠠ ᠵᠣᠬᠢᠶᠠᠯ ᠤᠨ ᠨᠣᠮ ᠪᠢᠴᠢᠭ ᠢ ᠬᠦᠷᠭᠡᠵᠦ᠂ ᠥᠷᠭᠡᠨ ᠤᠯᠠᠨ ᠲᠦᠮᠡᠨ ᠢ ᠵᠢᠯᠣᠭᠤᠳᠤᠨ ᠨᠣᠮ ᠤᠩᠰᠢᠭᠤᠯᠵᠤ᠂ ᠰᠠᠶᠢᠨ ᠨᠣᠮ ᠤᠩᠰᠢᠭᠤᠯᠵᠤ᠂ ᠨᠣᠮ ᠤᠩᠰᠢᠭᠤᠯᠬᠤ ᠳᠤ ᠴᠢᠳᠠᠮᠠᠭᠠᠶ ᠪᠣᠯᠭᠠᠪᠠ᠃    ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠲᠢᠶᠧ ᠳ᠋ᠦᠩ ᠵᠡᠭᠡᠯᠢ ᠭᠤᠳᠤᠮᠵᠢ ᠶᠢᠨ ᠬᠢᠨ ᠲᠠᠯ᠎ᠠ ᠨᠤᠲᠤᠭ ᠤᠨ ᠨᠣᠮ ᠤᠨ ᠥᠷᠥᠭᠡ ᠪᠠᠷ ᠲᠠᠪᠴᠠᠩ ᠪᠣᠯᠭᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠴᠢᠶᠠᠯᠠᠪᠤᠷᠢ ᠪᠠᠶᠢᠭᠤᠯᠤᠨ᠂ ᠰᠢᠨ᠎ᠡ ᠪᠠᠷ ᠪᠣᠶ ᠪᠣᠯᠤᠭᠰᠠᠨ ᠤᠩᠰᠢᠯᠭ᠎ᠠ ᠶᠢ ᠤᠯᠠᠮᠵᠢᠯᠠᠯᠲᠤ ᠤᠩᠰᠢᠯᠭ᠎ᠠ ᠲᠠᠢ ᠤᠶᠠᠯᠳᠤᠭᠤᠯᠬᠤ ᠶᠢ ᠳᠥᠯᠭᠢᠨ ᠠᠬᠢᠭᠤᠯᠵᠤ᠂ ᠨᠣᠮ ᠤᠨ ᠥᠷᠥᠭᠡ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠤᠩᠰᠢᠯᠭ᠎ᠠ ᠶᠢᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠠᠷᠠᠳ ᠤᠨ ᠤᠩᠰᠢᠯᠭ᠎ᠠ ᠶᠢ ᠥᠷᠭᠡᠨ ᠢᠶᠠᠷ ᠥᠷᠨᠢᠭᠦᠯᠬᠦ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃     
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ