ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤᠮᠳᠠ ᠭᠠᠷ ᠬᠤᠯᠪᠣᠨ ᠡᠷᠡᠯᠬᠡᠭᠯᠡᠨ ᠤᠷᠤᠭᠰᠢᠯᠠᠬᠤ ᠪᠡᠭᠡᠵᠢᠩ ᠥᠪᠥᠷ ᠮᠣᠩᠭᠤᠯ ᠤᠨ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ ᠶᠢᠨ ᠯᠢ ᠰᠦᠨ ᠱᠤᠤ ᠴᠧᠩ ᠸᠠᠩ ᠯᠢ ᠰᠢᠶᠠ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2024/8/29
    ᠠᠯᠤᠰ ᠬᠤᠯᠠ ᠠᠴᠠ ᠬᠦᠷᠦᠯᠴᠡᠨ ᠢᠷᠡᠵᠤ ᠪᠡᠭᠡᠵᠢᠩ ᠥᠪᠥᠷ ᠮᠣᠩᠭᠤᠯ ᠤᠨ ᠬᠠᠶᠢᠷ᠎ᠠ ᠰᠡᠳᠬᠢᠯᠭᠡ ᠶᠢ ᠥᠭᠦᠯᠡᠵᠦ᠂ ᠰᠡᠳᠬᠢᠯ ᠨᠢᠭᠡᠳᠦᠨ ᠬᠠᠮᠵᠢᠯᠴᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ 8 ᠰᠠᠷ᠎ᠠ ᠶᠢᠨ 25 ᠠᠴᠠ 26 ᠤ ᠡᠳᠦᠷ ᠪᠤᠯᠲᠠᠯ᠎ᠠ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠵᠣᠯᠭᠠᠭᠤᠯᠤᠨ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠵᠢᠯᠴᠠᠭ᠎ᠠ ᠶᠢᠨ ᠭᠦᠨᠵᠡᠭᠡᠶᠢᠷᠡᠨ ᠥᠷᠨᠢᠬᠦ ᠶᠢ ᠠᠬᠢᠭᠤᠯᠪᠠ᠃ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠯᠢ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠠᠮᠲᠤ ᠪᠠᠷ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠪᠡ᠃
1.png
    8 ᠰᠠᠷ᠎ᠠ ᠶᠢᠨ 26 ᠤ ᠡᠳᠦᠷ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ︽ᠪᠦᠯᠭᠦᠮ ᠪᠠᠶᠢᠭᠤᠯᠬᠤ ᠮᠠᠶ᠋ᠢᠭ︾ ᠤᠨ ᠡᠮᠴᠢᠯᠡᠭᠡ ᠪᠠᠷ ᠬᠠᠪᠰᠤᠷᠤᠨ ᠲᠡᠳᠬᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ     ᠬᠤᠶᠠᠷ ᠡᠳᠦᠷ ᠤᠨ ᠲᠤᠷᠰᠢ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠶᠠᠭᠠᠷᠠᠯᠲᠠᠢ ᠵᠠᠮᠨᠠᠵᠤ᠂ ᠤᠷᠢᠳ ᠬᠤᠵᠢᠳ ᠬᠢᠩᠭᠠᠨ ᠠᠶᠢᠮᠠᠭ ᠤᠨ ᠷᠠᠰᠢᠶᠠᠨ ᠬᠤᠲᠠ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠭᠦᠷᠦᠭᠰᠡᠨ ᠭᠠᠵᠠᠷ ᠪᠣᠯᠭᠠᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠬᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠪᠠᠶᠢᠯ᠎ᠠ᠃ ᠪᠡᠭᠡᠵᠢᠩ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠠᠰᠢᠶᠠᠨ ᠳᠠᠬᠢ ᠬᠤᠪᠢᠶᠠᠷᠢ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠲᠥᠯᠥᠭᠡᠯᠡᠭᠴᠢᠳ ᠤᠨ ᠪᠦᠯᠭᠦᠮ ᠲᠣᠰ ᠲᠣᠰ ᠥᠪᠥᠷ ᠮᠣᠩᠭᠤᠯ ᠢ ᠲᠤᠰᠠᠯᠠᠬᠤ ᠪᠠᠷ ᠢᠷᠡᠭᠰᠡᠨ ᠪᠠᠭᠰᠢ ᠪᠣᠯᠣᠨ ᠡᠮᠴᠢ ᠰᠤᠪᠢᠯᠠᠭᠴᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠭᠰᠡᠨ᠂ ︽ᠪᠦᠯᠭᠦᠮ ᠪᠠᠶᠢᠭᠤᠯᠬᠤ ᠮᠠᠶ᠋ᠢᠭ︾ ᠤᠨ ᠡᠮᠴᠢᠯᠡᠭᠡ ᠪᠠᠷ ᠬᠠᠪᠰᠤᠷᠤᠨ ᠲᠡᠳᠬᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠥᠯᠥᠭᠡᠯᠡᠭᠴᠢᠳ ᠤᠨ ᠪᠦᠯᠭᠦᠮ ᠪᠠᠰᠠ ᠯᠦ ᠵᠢᠶᠣᠣ ᠸᠠᠨ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ᠂ ᠪᠡᠭᠡᠵᠢᠩ ᠥᠪᠥᠷ ᠮᠣᠩᠭᠤᠯ ᠤᠨ ᠡᠪᠡᠰᠦᠨ ᠤ ᠦᠢᠯᠡᠰ ᠤᠨ ᠬᠦᠷᠢᠶᠡᠯᠡᠩ ᠲᠣᠭᠤᠷᠢᠭ ᠪᠣᠯᠣᠨ ᠵᠢᠶᠠ ᠾᠧ ᠠᠮᠤ ᠪᠤᠳᠠᠭᠠᠨ ᠤ ᠦᠢᠯᠡᠰ ᠤᠨ ᠺᠤᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠬᠡᠷᠡᠭᠵᠢᠭᠦᠯᠦᠯᠲᠡ ᠪᠣᠯᠣᠨ ᠣᠨᠴᠠᠯᠢᠭᠲᠤ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠭ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠡᠨᠡ ᠬᠦ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠭᠦᠮ ᠪᠠᠰᠠ ᠴᠠᠷᠠᠰᠤᠨ ᠭᠠᠴᠠᠭ᠎ᠠ ᠳᠤ ᠬᠦᠷᠴᠦ᠂ ᠶᠠᠳᠠᠭᠤ ᠠᠴᠠ ᠠᠩᠭᠢᠵᠢᠷᠠᠭᠰᠠᠨ ᠠᠷᠠᠳ ᠬᠠᠨ ᠬᠤᠸᠠᠨ ᠰᠢ ᠶᠢᠨ ᠨᠢᠭᠡ ᠭᠡᠷ ᠤᠨ ᠬᠢᠨ ᠢ ᠡᠷᠭᠢᠨ ᠦᠵᠡᠵᠦ ᠲᠣᠬᠤᠨᠢᠭᠤᠯᠪᠠ᠃    ᠰᠢᠨᠵᠢᠯᠡᠨ ᠪᠠᠶᠢᠴᠠᠭᠠᠯᠲᠠ ᠳᠠᠭᠤᠰᠬᠤ ᠦᠶ᠎ᠡ ᠳᠤ᠂ ᠬᠤᠶᠠᠷ ᠲᠠᠯ᠎ᠠ ᠪᠠᠷ ᠢᠶᠠᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠢᠨ ᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠭᠡᠵᠢᠩ ᠬᠤᠳᠠ ᠶᠢᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠥᠬᠦᠷᠡᠰᠢ ᠦᠭᠡᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠮᠵᠢᠯᠲᠠ ᠣᠯᠵᠤ᠂ ᠮᠠᠰᠢ ᠣᠯᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠨᠢ ᠪᠡᠭᠡᠵᠢᠩ ᠤᠨ ᠬᠢᠨ ᠤ ᠨᠠᠷᠢᠨ ᠬᠢᠨᠠᠮᠠᠭᠠᠢ ᠰᠤᠷᠤᠯᠴᠠᠨ ᠲᠣᠯᠢ ᠪᠣᠯᠭᠠᠭᠤᠰᠢᠲᠠᠢ ᠶᠤᠮ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠶᠢ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠤᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠣᠨ ᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠵᠢᠱᠢᠶ᠎ᠡ ᠦᠵᠡᠭᠦᠯᠭᠦ ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠳᠤ ᠬᠦᠴᠦᠨ ᠨᠡᠮᠡᠷᠢᠯᠡᠵᠦ᠂ ︽ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠭᠦ᠂ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ᠂ ᠭᠦᠳᠡᠯᠮᠦᠷᠢ ᠬᠦᠴᠦᠨ ᠤ ᠬᠠᠮᠵᠢᠯᠴᠠᠭ᠎ᠠ ᠶᠢ ᠳᠡᠭᠡᠭᠰᠢᠯᠡᠭᠦᠯᠭᠦ︾ ᠳᠥᠷᠪᠡᠨ ᠵᠦᠢᠯ ᠤᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠬᠥᠲᠥᠯᠥᠨ ᠵᠢᠯᠣᠭᠤᠳᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠮᠡᠳᠡᠷᠡᠵᠦ ᠲᠡᠶᠢᠯᠭᠦ ᠬᠦᠷᠲᠡᠵᠦ ᠲᠡᠶᠢᠯᠭᠦ‍ ᠨᠢᠭᠡ ᠪᠦᠯᠦᠭ ᠪᠣᠳᠠᠲᠤ ᠶᠠᠪᠤᠳᠠᠯ ᠢ ᠬᠢᠵᠦ ᠪᠦᠲᠦᠭᠡᠨ᠎ᠡ᠃ ᠺᠠᠳ᠋ᠷ ᠢ ᠰᠣᠩᠭᠤᠨ ᠲᠣᠮᠢᠯᠠᠬᠤ ᠦᠷ᠎ᠡ ᠪᠦᠲᠦᠮᠵᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠺᠠᠳ᠋ᠷ ᠴᠢᠳᠠᠪᠤᠷᠢᠲᠠᠨ ᠤ ᠪᠣᠯᠪᠠᠰᠤᠷᠠᠯ ᠢ ᠴᠢᠩᠭᠠᠳᠬᠠᠨ᠎ᠠ᠃ ᠬᠤᠶᠠᠷ ᠭᠠᠵᠠᠷ ᠤᠨ ᠬᠢᠨ ᠬᠠᠷᠢᠴᠠᠩᠭᠤᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃ ᠡᠨᠧᠷᠭᠢ ᠶᠢᠨ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ ᠣᠷᠣᠭᠤᠯᠬᠤ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠩ ᠥᠨᠳᠥᠷ ᠪᠦᠲᠦᠮᠵᠢᠲᠡᠶ ᠣᠷᠣᠨ ᠪᠦᠰᠡ ᠶᠢᠨ ᠡᠨᠧᠷᠭᠢ ᠶᠢᠨ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠤᠨ᠎ᠠ᠃ ᠠᠵᠤ ᠦᠢᠯᠡᠰ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠭᠡᠵᠢᠩ ᠬᠤᠲᠠ ᠶᠢᠨ ᠬᠢᠨ ᠥᠪᠥᠷ ᠮᠣᠩᠭᠤᠯ ᠤᠨ ᠪᠣᠳᠣᠯᠲᠠ ᠶᠢᠨ ᠬᠦᠴᠦᠨ ᠤ ᠠᠵᠤ ᠦᠢᠯᠡᠰ ᠢ ᠪᠤᠵᠠᠭᠠᠶᠢᠷᠠᠭᠤᠯᠬᠤ ᠶᠢ ᠪᠦᠭᠦ ᠬᠦᠴᠦᠨ ᠢᠶᠠᠷ ᠢᠶᠠᠨ ᠳᠡᠮᠵᠢᠨ᠎ᠠ᠃ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠬᠠᠮᠲᠤ ᠪᠠᠷ ᠭᠦᠨᠵᠡᠭᠡᠶᠢᠷᠡᠭᠦᠯᠵᠦ᠂ ᠨᠡᠩ ᠤᠯᠠᠨ ᠰᠣᠳᠣᠨ ᠵᠢᠭᠤᠯᠴᠢᠯᠠᠯ ᠤᠨ ᠱᠤᠭᠤᠮ ᠢ ᠡᠭᠦᠳᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠲᠥᠬᠦᠭᠡᠷᠦᠮᠵᠢᠲᠦ ᠲᠠᠷᠢᠶᠠᠯᠠᠩ᠂ ᠴᠢᠬᠢ ᠪᠤᠶᠢᠵᠢᠭᠤᠯᠬᠤ ᠮᠡᠷᠭᠡᠵᠢᠯ ᠵᠡᠷᠭᠡ ᠬᠦᠷᠢᠶ᠎ᠡ ᠴᠠᠷᠠᠭ᠎ᠠ ᠳᠠᠬᠢ ᠰᠣᠯᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠥᠭᠵᠢᠯᠲᠡ ᠳᠤ ᠬᠠᠮᠲᠤ ᠪᠠᠷ ᠦᠢᠯᠡᠴᠢᠯᠡᠶ᠎ᠡ ᠭᠡᠵᠦ ᠬᠡᠯᠡᠪᠡ᠃    ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠪᠡᠭᠡᠵᠢᠩ ᠬᠤᠲᠠ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠤᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠪᠠ᠃ ᠲᠡᠷᠡ᠂ ᠤᠳᠤ ᠪᠡᠭᠡᠵᠢᠩ ᠪᠣᠯᠣᠨ ᠥᠪᠥᠷ ᠮᠣᠩᠭᠤᠯ ᠬᠤᠶᠠᠷ ᠭᠠᠵᠠᠷ ᠤᠨ ᠬᠠᠷᠢᠯᠴᠠᠭ᠎ᠠ ᠨᠢᠭᠡᠨᠲᠡ ᠪᠡᠭᠡᠵᠢᠩ ᠥᠪᠥᠷ ᠮᠣᠩᠭᠤᠯ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠠᠷᠢᠴᠠᠭ᠎ᠠ ᠠᠴᠠ ᠳᠠᠪᠠᠵᠤ᠂ ᠬᠤᠶᠠᠷ ᠲᠠᠯ᠎ᠠ ᠶᠢᠨ ᠠᠭᠤᠰᠤᠯᠴᠠᠯ ᠤᠯᠠᠮ ᠠᠴᠠ ᠤᠯᠠᠮ ᠭᠦᠨᠵᠡᠭᠡᠶᠢᠷᠡᠵᠦ᠂ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃ ᠢᠯᠠᠩᠭᠤᠶ᠎ᠠ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠬᠤᠶᠠᠷ ᠭᠠᠵᠠᠷ ᠤᠨ ᠮᠠᠯ ᠠᠵᠤ ᠠᠬᠤᠢ ᠲᠠᠷᠢᠶᠠᠯᠠᠩ᠂ ᠡᠨᠧᠷᠭᠢ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠨᠠᠩ ᠨᠢᠭᠲᠠᠷᠠᠵᠤ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠨᠠᠩ ᠭᠦᠨᠵᠡᠭᠡᠶᠢᠷᠡᠵᠦ᠂ ᠡᠯ᠎ᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠲᠠᠰᠤᠷᠠᠯᠲᠠ ᠦᠭᠡᠢ ᠢᠯᠡᠷᠡᠵᠦ᠂ ᠪᠦᠭᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠵᠡᠢ ᠭᠡᠪᠡ᠃    ᠰᠦᠨ ᠱᠤᠤ ᠴᠧᠩ᠂ ᠤᠳᠤ ᠪᠢᠳᠡ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠵᠤ ᠪᠠᠶᠢᠨ᠎ᠠ᠃ ᠥᠪᠥᠷ ᠮᠣᠩᠭᠤᠯ ᠤᠨ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠬᠦ ᠳᠤ᠂ ᠪᠡᠭᠡᠵᠢᠩ ᠬᠤᠳᠠ ᠶᠢᠨ ᠥᠩᠭᠡᠷᠡᠭᠰᠡᠨ ᠲᠠᠢ ᠪᠠᠨ ᠠᠳᠠᠯᠢ ᠳᠡᠮᠵᠢᠬᠦ ᠪᠠ ᠬᠠᠪᠰᠤᠷᠬᠤ ᠠᠴᠠ ᠰᠠᠯᠵᠤ ᠴᠢᠳᠠᠬᠤ ᠦᠭᠡᠢ ᠶᠤᠮ᠂ ᠪᠢᠳᠡ ᠪᠠᠰᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠣᠭᠲᠠᠴᠠ ᠶᠢᠨ ᠰᠢᠨ᠎ᠡ ᠶᠢ ᠢᠳᠡᠪᠬᠢᠲᠡᠢ ᠡᠭᠦᠳᠴᠦ᠂ ᠨᠢᠭᠡᠨᠲᠡ ᠰᠢᠶᠦ᠋ᠩ ᠠᠨ ᠰᠢᠨ᠎ᠡ ᠲᠣᠭᠤᠷᠢᠭ ᠲᠤ ᠰᠠᠭᠤᠭ᠎ᠠ ᠬᠤᠯᠪᠤᠭ᠎ᠠ ᠠᠪᠬᠤ ᠭᠠᠵᠠᠷ ᠢ ᠪᠠᠶᠢᠭᠤᠯᠪᠠ᠂ ᠪᠡᠭᠡᠵᠢᠩ ᠬᠤᠳᠠ ᠶᠢᠨ ᠬᠢᠨ ᠤᠯᠠᠨ ᠲᠠᠯ᠎ᠠ ᠪᠠᠷ ᠬᠥᠭᠦᠷᠭᠡ ᠬᠤᠯᠪᠣᠭᠠᠰᠤ ᠪᠣᠯᠵᠤ᠂ ᠵᠢᠯᠣᠭᠤᠳᠤᠯᠭ᠎ᠠ ᠬᠠᠩᠭᠠᠵᠤ᠂ ᠪᠢᠳᠡᠨ ᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠪᠡᠭᠡᠵᠢᠩ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠦᠭᠦ ᠲᠠᠯ᠎ᠠ ᠪᠠᠷ ᠰᠤᠷᠤᠯᠴᠠᠨ ᠲᠣᠯᠢ ᠪᠤᠯᠭᠠᠵᠤ᠂ ᠡᠯ᠎ᠡ ᠲᠥᠷᠥᠯ ᠤᠨ ᠬᠠᠮᠵᠢᠯᠴᠠᠭᠠᠨ ᠤ ᠲᠥᠷᠥᠯ ᠵᠦᠢᠯ ᠢ ᠨᠠᠷᠢᠨ ᠨᠢᠮᠪᠠᠢ ᠬᠡᠷᠡᠭᠵᠢᠭᠦᠯᠵᠦ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠮᠠᠨ ᠤ ᠣᠷᠣᠨ ᠳᠤ ᠢᠷᠡᠵᠦ ᠪᠡᠯᠡ ᠣᠷᠣᠭᠤᠯᠤᠨ ᠠᠵᠢᠯ ᠦᠢᠯᠡᠰ ᠢᠶᠠᠨ ᠮᠠᠨᠳᠤᠭᠤᠯᠬᠤ᠂ ᠴᠢᠳᠠᠪᠤᠷᠢᠲᠠᠳ ᠤᠨ ᠮᠠᠨ ᠤ ᠣᠷᠣᠨ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠬᠠᠩᠭᠠᠬᠤ ᠶᠢᠨ ᠬᠠᠮᠲᠤ ᠲᠣᠰ ᠪᠡᠶ᠎ᠡ ᠶᠢᠨ ᠴᠢᠳᠠᠯ ᠤᠨ ᠢᠶᠠᠨ ᠬᠢᠷᠢ ᠳᠣᠲᠣᠷ᠎ᠠ ᠪᠡᠭᠡᠵᠢᠩ ᠤᠨ ᠬᠡᠷᠡᠭᠴᠡᠭᠡ ᠯᠦᠭᠡ ᠨᠠᠩ ᠰᠠᠶᠢᠲᠤᠷ ᠵᠣᠯᠭᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠨᠡᠶᠢᠰᠯᠡᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠵᠦ᠂ ︽ᠪᠡᠭᠡᠵᠢᠩ ᠥᠪᠥᠷ ᠮᠣᠩᠭᠤᠯ ᠨᠢᠭᠡ ᠭᠡᠷ ᠤᠨ ᠬᠥᠮᠥᠨ ᠮᠡᠲᠦ ᠳᠣᠲᠣᠨᠣ︾ ᠪᠠᠶᠢᠬᠤ ᠶᠢ ᠨᠡᠩ ᠴᠢᠨᠠᠭᠰᠢᠳᠠ ᠭᠦᠨᠵᠡᠭᠡᠶᠢᠷᠡᠭᠦᠯᠦᠨ᠎ᠡ ᠭᠡᠪᠡ᠃    ᠶᠠᠷᠢᠯᠴᠠᠬᠤ ᠬᠤᠷᠠᠯ ᠠᠴᠠ ᠡᠮᠦᠨ᠎ᠡ᠂ ᠬᠤᠶᠠᠷ ᠲᠠᠯ᠎ᠠ ᠶᠢᠨ ᠤᠳᠤᠷᠢᠳᠤᠯᠭ᠎ᠠ ᠪᠡᠭᠡᠵᠢᠩ ᠬᠤᠳᠠ ᠶᠢᠨ ᠮᠠᠨ ᠤ ᠣᠷᠣᠨ ᠳᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠶᠢ ᠪᠣᠯᠭᠤᠭᠠᠨ ᠦᠵᠡᠪᠡ᠃    ᠪᠡᠭᠡᠵᠢᠩ ᠬᠤᠲᠠ ᠶᠢᠨ ᠤᠳᠤᠷᠢᠳᠤᠯᠭ᠎ᠠ ᠶᠢᠦ ᠵᠢᠶᠦ᠋ᠨ᠂ ᠴᠧᠨ ᠵᠢᠶᠠᠨ᠂ ᠵᠣᠣ ᠯᠧᠢ᠂ ᠮᠠ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠯᠢ ᠢᠦᠢ ᠭᠠᠩ᠂ ᠢᠦᠢ ᠯᠢ ᠰᠢᠨ᠂ ᠲᠠᠶᠢᠴᠢᠨ ᠠᠵᠢᠯᠯᠠᠭ᠎ᠠ ᠳᠤ ᠣᠷᠣᠯᠴᠠᠵᠠᠢ᠃ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ