5 ᠲᠠᠯ᠎ᠠ ᠶᠢᠨ 20 ᠭᠤᠣᠯᠳᠠᠯᠭ᠎ᠠ ᠲᠠᠢ ᠡᠭᠦᠷᠭᠡ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠠᠮᠤᠭ ᠤᠨ ᠰᠢᠨ᠎ᠡ ᠪᠠᠷ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/9/10
    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠᠷ ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃    ︽ᠰᠠᠨᠠᠯ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠨᠡᠭᠡᠭᠡᠯᠲᠡ ᠬᠢᠬᠦ ᠳᠤ ᠦᠢᠯᠡᠴᠢᠯᠡᠬᠦ ᠪᠠᠷ ᠪᠠᠭᠲᠠᠭᠠᠮᠵᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠬᠠᠮᠲᠤᠷᠠᠯᠴᠠᠭ᠎ᠠ ᠪᠠᠷ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠦᠢᠯᠡᠴᠢᠯᠡᠭᠡᠨ ᠤ ᠰᠢᠨ᠎ᠡ ᠡᠭᠦᠳᠦᠯᠲᠡ ᠪᠠᠷ ᠬᠥᠭᠵᠢᠯᠲᠡ ᠶᠢᠨ ᠬᠥᠳᠡᠯᠭᠡᠭᠴᠢ ᠬᠦᠴᠦᠨ ᠢ ᠪᠤᠶᠢᠵᠢᠭᠤᠯᠵᠤ᠂ ᠦᠢᠯᠡᠴᠢᠯᠡᠭᠡ ᠶᠢ ᠬᠠᠮᠲᠤ ᠳᠤ ᠪᠠᠨ ᠬᠦᠷᠲᠡᠬᠦ ᠪᠠᠷ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠨ ᠪᠠᠶᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠲᠣᠭᠠᠵᠢᠭᠤᠯᠤᠯᠲᠠ᠂ ᠣᠶᠤᠨᠴᠢᠯᠠᠯᠲᠠ᠂ ᠪᠣᠬᠢᠷᠳᠤᠯ ᠦᠭᠡᠶᠢᠵᠢᠭᠦᠯᠬᠦ ᠠᠬᠢᠴᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠡᠪᠴᠢᠶ᠎ᠡ ᠶᠢ ᠨᠡᠮᠡᠭᠳᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ᠂ ᠪᠣᠳᠠᠲᠤ ᠬᠦᠴᠦᠨ ᠢ ᠨᠢ ᠴᠢᠩᠭᠠᠷᠠᠭᠤᠯᠬᠤ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠳᠤᠷᠠᠳᠴᠠᠢ᠃    ︽ᠰᠠᠨᠠᠯ︾ ᠳᠤ 5 ᠲᠠᠯ᠎ᠠ ᠶᠢᠨ 20 ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃    ᠨᠢᠭᠡ ᠳᠤ᠂ ᠦᠢᠯᠡᠴᠢᠯᠡᠭᠡᠨ ᠤ ᠠᠷᠠᠯᠵᠢᠶᠠᠨ ᠤ ᠳᠦᠷᠢᠮᠵᠢᠭᠰᠡᠨ ᠨᠡᠭᠡᠭᠡᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠰᠥᠷᠭᠡᠬᠦ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠦᠷᠢᠮ ᠤᠨ ᠵᠣᠯᠭᠠᠯᠴᠠᠭ᠎ᠠ ᠪᠠ ᠲᠦᠷᠢᠮ ᠲᠣᠭᠲᠠᠭᠠᠯ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠠᠷᠠᠯᠵᠢᠶᠠᠨ ᠤ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃    ᠬᠤᠶᠠᠷ ᠲᠤ᠂ ᠡᠬᠢ ᠪᠠᠶᠠᠯᠢᠭ ᠤᠨ ᠬᠦᠴᠦᠨ ᠵᠦᠢᠯ ᠤᠨ ᠬᠢᠯᠢ ᠠᠯᠤᠰᠯᠠᠨ ᠰᠢᠯᠵᠢᠬᠦ ᠶᠢ ᠠᠬᠢᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠢᠯᠢ ᠠᠯᠤᠰᠯᠠᠨ ᠰᠢᠯᠵᠢᠬᠦ ᠳᠤ ᠳᠥᠭᠦᠮᠯᠡᠵᠦ᠂ ᠬᠢᠯᠢ ᠠᠯᠤᠰᠯᠠᠭᠰᠠᠨ ᠪᠡᠯᠡ ᠮᠥᠩᠭᠦᠨ ᠤ ᠭᠦᠢᠯᠭᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠬᠤ ᠪᠠ ᠬᠡᠷᠡᠭᠯᠡᠬᠦ ᠶᠢ ᠠᠬᠢᠭᠤᠯᠵᠤ᠂ ᠳ᠋ᠠᠶᠢᠲ᠋ᠠ ᠶᠢᠨ ᠬᠢᠯᠢ ᠠᠯᠤᠰᠯᠠᠭᠰᠠᠨ ᠥᠨᠳᠥᠷ ᠪᠦᠲᠦᠮᠵᠢᠲᠡᠢ ᠳᠥᠭᠦᠮ ᠳᠥᠲᠡ ᠠᠮᠤᠷ ᠲᠦᠪᠰᠢᠨ ᠰᠢᠯᠵᠢᠯᠲᠡ ᠶᠢ ᠠᠬᠢᠭᠤᠯᠤᠨ᠎ᠠ᠃    ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠤᠯᠠᠨ ᠤᠯᠤᠰ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠤᠯᠠᠨ ᠤᠯᠤᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡ᠂ ᠵᠥᠪᠯᠡᠯᠭᠡ ᠥᠭᠬᠦ᠂ ᠵᠢᠷᠤᠵᠤ ᠲᠥᠯᠥᠪᠯᠡᠬᠦ᠂ ᠭᠡᠷᠡᠴᠢᠯᠡᠨ ᠮᠡᠳᠡᠷᠡᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠳᠡᠯᠡᠬᠡᠶᠢᠵᠢᠯᠲᠡ ᠶᠢᠨ ᠬᠥᠭᠵᠢᠯᠲᠡ ᠶᠢ ᠳᠡᠮᠵᠢᠵᠦ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠵᠣᠷᠢᠭᠵᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠶᠢ ᠪᠠᠷᠠᠭᠠᠨ ᠤ ᠠᠷᠠᠯᠵᠢᠶ᠎ᠠ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠪᠠᠨ ᠥᠷᠭᠡᠳᠬᠡᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠦᠴᠦᠨ ᠨᠡᠮᠡᠷᠢᠯᠡᠨ᠎ᠡ᠃    ᠳᠥᠷᠪᠡ ᠳᠤ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠶᠢ ᠥᠷᠭᠡᠳᠬᠡᠨ᠂ ᠦᠢᠯᠡᠴᠢᠯᠡᠭᠡᠨ ᠤ ᠠᠷᠠᠯᠵᠢᠶᠠᠨ ᠤ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃    ᠲᠠᠪᠤ ᠳᠤ᠂ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠬᠦ ᠶᠢ ᠳᠡᠮᠵᠢᠵᠦ᠂ ᠦᠢᠯᠡᠴᠢᠯᠡᠭᠡᠨ ᠤ ᠠᠷᠠᠯᠵᠢᠶᠠᠨ ᠤ ᠲᠤᠭ᠎ᠠ ᠪᠦᠷᠢᠳᠬᠡᠯ ᠬᠢᠨᠠᠨ ᠰᠢᠨᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠠᠯᠵᠢᠶᠠᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃    ︽ᠰᠠᠨᠠᠯ︾ ᠳᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠭᠡᠭᠡᠯᠲᠡ ᠬᠢᠬᠦ ᠶᠢ ᠥᠷᠭᠡᠳᠬᠡᠬᠦ ᠪᠠ ᠰᠢᠨ᠎ᠡ ᠡᠭᠦᠳᠦᠯᠲᠡ ᠶᠢᠨ ᠬᠥᠳᠡᠯᠭᠡᠭᠦᠷ ᠲᠤ ᠲᠦᠰᠢᠭᠯᠡᠨ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠬᠥᠭᠵᠢᠭᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠡᠭᠡᠭᠡᠯᠲᠡ ᠬᠢᠬᠦ ᠶᠢ ᠥᠷᠭᠡᠳᠬᠡᠬᠦ᠂ ᠰᠢᠨ᠎ᠡ ᠡᠭᠦᠳᠦᠯᠲᠡ ᠶᠢ ᠵᠣᠷᠢᠭᠵᠢᠭᠤᠯᠬᠤ᠂ ᠡᠷᠬᠡ ᠲᠡᠭᠰᠢ ᠥᠷᠢᠰᠦᠯᠳᠦᠬᠦ᠂ ᠵᠢᠷᠤᠮᠵᠢᠭᠤᠨ ᠡᠮᠬᠢ ᠵᠢᠷᠤᠮ ᠲᠠᠢ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠢᠳᠡᠪᠬᠢᠲᠡᠢ ᠪᠠᠷ ᠡᠭᠦᠳᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ