ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠵᠦ ᠭᠦᠨᠵᠡᠭᠡᠶᠢᠷᠡᠭᠦᠯᠦᠨ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠬᠦ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠣᠭᠲᠠᠭᠰᠠᠨ ᠡᠭᠦᠷᠭᠡ ᠶᠢ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠲᠤ ᠶᠢ ᠮᠡᠳᠡᠬᠦ ᠰᠠᠬᠢᠯᠭ᠎ᠠ ᠪᠠᠲᠤ ᠶᠢ ᠣᠶᠢᠯᠠᠭᠠᠬᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠦᠷᠭᠦᠯᠵᠢ ᠠᠳᠬᠤᠵᠤ᠂ ︽ᠳᠥᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠶ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠠᠵᠢᠯ ᠬᠢᠯᠭᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠲᠡᠭᠦᠨ ᠢ ᠨᠠᠮ ᠢ ᠬᠠᠮᠢᠶᠠᠷᠴᠤ ᠨᠠᠮ ᠢ ᠵᠠᠰᠠᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯᠰᠢᠷᠠᠯ ᠤᠨ ᠰᠡᠳᠬᠢᠬᠦᠢ ᠶᠢ ᠪᠠᠷᠢᠮᠲᠠᠯᠠᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠰᠡᠷᠭᠡᠶᠢᠯᠡᠯᠲᠡ ᠶᠢᠨ ᠲᠣᠭᠲᠠᠴᠠ ᠪᠠ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠶᠢᠲᠤᠷ ᠬᠢᠵᠦ᠂ ᠦᠢᠯᠡᠳᠪᠦᠷᠢᠯᠡᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠰᠤᠷᠭᠠᠭᠤᠯᠢ ᠶᠢᠨ ᠬᠦᠷᠢᠶ᠎ᠡ ᠵᠡᠷᠭᠡ ᠡᠯ᠎ᠡ ᠬᠦᠷᠢᠶᠡᠨ ᠳᠠᠬᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠹᠷᠢᠺᠠ ᠲᠢᠪ ᠤᠨ ᠡᠷᠳᠡᠮᠲᠡᠳ ᠲᠤ ᠥᠭᠭᠦᠭᠰᠡᠨ ᠬᠠᠷᠢᠭᠤ ᠵᠠᠬᠢᠳᠠᠯ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠶᠡᠷᠦᠩᠬᠡᠢ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ᠂ ᠠᠹᠷᠢᠺᠠ ᠲᠢᠪ ᠤᠨ ᠤᠯᠤᠰ ᠤᠳ ᠯᠤᠭ᠎ᠠ ᠶᠢᠨ ᠬᠤᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠠᠷᠠᠳ ᠲᠦᠮᠡᠨ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠬᠡᠷᠡᠭᠲᠡᠢ᠃ ᠰᠤᠷᠤᠬᠴᠢᠳ ᠤᠨ ᠳᠤᠷᠠᠲᠠᠢ ᠠᠷᠭ᠎ᠠ ᠮᠠᠶ᠋ᠢᠭ ᠪᠠ ᠰᠣᠨᠣᠰᠬᠤ ᠳᠤᠷᠠᠲᠠᠢ᠂ ᠣᠶᠢᠯᠠᠭᠠᠵᠤ ᠲᠡᠶᠢᠯᠭᠦ ᠦᠭᠡ ᠭᠡᠯᠡ ᠪᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠭᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠰᠤᠷᠭᠠᠨ ᠬᠥᠮᠦᠵᠢᠯ ᠤᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠠᠰᠢᠭᠯᠠ ᠰᠤᠷᠭᠠᠭᠤᠯᠢ ᠡᠷᠭᠢᠯᠡᠭᠦ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠲᠤᠰᠬᠠᠢ ᠮᠡᠷᠭᠡᠵᠢᠯ ᠤᠨ ᠪᠦᠲᠦᠴᠡ ᠪᠠ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 2024 ᠣᠨ ᠤ ᠳᠡᠭᠡᠷ᠎ᠡ ᠬᠠᠭᠠᠰ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠮ ᠤᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠵᠡᠷᠭᠡ ᠪᠠᠷ ᠡᠭᠦᠨ ᠢᠶᠠᠷ ᠬᠥᠲᠥᠯᠥᠮᠵᠢ ᠪᠤᠯᠭᠠᠵᠤ ᠲᠤᠰ ᠭᠠᠵᠠᠷ ᠣᠷᠣᠨ ᠲᠤᠰ ᠨᠢᠭᠡᠴᠢ ᠶᠢᠨ ᠢᠶᠠᠨ ᠥᠭᠡᠷᠡᠴᠢᠯᠡᠯᠲᠡ ᠶᠢᠨ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠨᠡᠩ ᠥᠳᠬᠡᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠶᠡᠭᠡ ᠪᠠᠷ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠣᠶᠤᠨ ᠰᠠᠨᠠᠭ᠎ᠠ ᠪᠠᠨ ᠨᠢᠭᠲᠠᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠬᠤ᠂ ᠵᠠᠯᠬᠠᠭᠠᠨ ᠴᠡᠭᠡᠷᠯᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠢᠯᠵᠠᠷᠠᠬᠤ ᠠᠴᠠ ᠵᠢᠷᠦᠬᠡᠰᠢᠶᠡᠬᠦ ᠢᠯᠵᠠᠷᠠᠵᠤ ᠪᠤᠯᠬᠤ ᠦᠭᠡᠢ ᠢᠯᠵᠠᠷᠠᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠵᠤ᠂ ᠠᠵᠢᠯᠴᠢ ᠬᠢᠴᠢᠶᠡᠩᠭᠦᠢ ᠪᠠᠷ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠦᠷ᠎ᠡ ᠪᠦᠲᠦᠮᠵᠢ ᠶᠢ ᠡᠷᠭᠢᠮᠯᠡᠭᠦ᠂ ᠠᠮᠢᠵᠢᠷᠠᠯ ᠤᠨ ᠬᠦᠴᠦᠨ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠶᠠᠪᠤᠴᠠ ᠶᠢᠨ ᠬᠢᠨᠠᠯᠲᠠ ᠶᠢ ᠪᠠᠭᠠᠰᠬᠠᠨ᠂ ᠦᠷ᠎ᠡ ᠳ᠋ᠦᠩ ᠤᠨ ᠬᠢᠨᠠᠯᠲᠠ ᠶᠢ ᠴᠢᠩᠭᠠᠳᠬᠠᠵᠤ᠂ ᠶᠠᠪᠤᠳᠠᠯ ᠪᠦᠭᠦᠨ ᠳᠤ ᠦᠷ᠎ᠡ ᠳ᠋ᠦᠩ ᠢ ᠦᠵᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠤᠨ ᠰᠠᠶᠢᠵᠢᠷᠠᠬᠤ ᠶᠢ ᠳᠠᠶᠢᠴᠢᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠬᠦᠴᠦ ᠣᠷᠣᠭᠤᠯᠤᠨ ᠴᠡᠭᠴᠡᠯᠡᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠤᠳᠠᠭᠠᠨ ᠳᠠᠭᠠᠭᠠᠮᠠᠭᠠᠢ ᠪᠠᠷ ᠠᠬᠢᠭᠤᠯᠵᠤ᠂ ᠠᠵᠢᠯ ᠤᠨ ᠨᠢᠭᠡᠳᠦᠯᠲᠦ ᠴᠢᠨᠠᠷ᠂ ᠵᠣᠬᠢᠴᠠᠯᠳᠤ ᠴᠢᠨᠠᠷ ᠢ ᠨᠡᠮᠡᠭᠳᠡᠭᠦᠯᠦᠨ᠂ ᠠᠵᠢᠯ ᠶᠠᠪᠤᠳᠠᠯ ᠭᠦᠢᠴᠡᠳᠬᠡᠬᠦ ᠳᠤ ︽ᠤᠳᠠᠭᠠᠨ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ﹀ ᠢ ᠲᠤᠭᠤᠰᠢᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠬᠢᠨᠠᠨ ᠵᠥᠪᠯᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ