9 ᠳ᠋ᠦ᠋ᠭᠡᠷ ᠰᠠᠷ᠎ᠠ ᠶᠢᠨ 7 ᠤ ᠡᠳᠦᠷ ᠰᠢᠶᠦ᠋ᠩ ᠠᠨ ᠰᠢᠨ᠎ᠡ ᠲᠤᠭᠤᠷᠢᠭ ᠲᠤ ︽ᠮᠧᠩ ᠺᠧ ᠵᠢᠤᠢ︾ ᠰᠢᠶᠦ᠋ᠩ ᠠᠨ ᠳᠠᠬᠢ ᠬᠤᠪᠢᠶᠠᠷᠢ ᠲᠦᠪ ᠢ ᠫᠠᠶᠢᠰᠠ ᠡᠯᠭᠦᠨ ᠪᠠᠶᠢᠭᠤᠯᠪᠠ
ᠨᠡᠶᠢᠲᠡᠯᠡᠭᠰᠡᠨ ᠴᠠᠭ᠄
2024/9/10
    9 ᠳ᠋ᠦ᠋ᠭᠡᠷ ᠰᠠᠷ᠎ᠠ ᠶᠢᠨ 7 ᠤ ᠡᠳᠦᠷ ᠰᠢᠶᠦ᠋ᠩ ᠠᠨ ᠰᠢᠨ᠎ᠡ ᠲᠤᠭᠤᠷᠢᠭ ᠲᠤ ︽ᠮᠧᠩ ᠺᠧ ᠵᠢᠤᠢ︾ ᠰᠢᠶᠦ᠋ᠩ ᠠᠨ ᠳᠠᠬᠢ ᠬᠤᠪᠢᠶᠠᠷᠢ ᠲᠦᠪ ᠢ ᠫᠠᠶᠢᠰᠠ ᠡᠯᠭᠦᠨ ᠪᠠᠶᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠰᠢᠶᠦ᠋ᠩ ᠠᠨ ᠰᠢᠨ᠎ᠡ ᠲᠣᠭᠤᠷᠢᠭ ᠲᠠᠬᠢ ᠬᠠᠷᠢᠯᠴᠠᠭᠠᠨ ᠤ ᠭᠠᠵᠠᠷ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠦ᠋ᠩ ᠠᠨ ᠳᠠᠬᠢ ᠠᠵᠤ ᠠᠬᠤᠶ ᠶᠢᠨ ᠬᠠᠮᠲᠤᠷᠠᠯᠴᠠᠭᠠᠨ ᠤ ᠲᠥᠪ ᠢ ᠵᠡᠷᠭᠡ ᠳᠤ ᠨᠢ ᠫᠠᠶᠢᠰᠠ ᠡᠯᠭᠦᠨ ᠪᠠᠶᠢᠭᠤᠯᠪᠠ᠃ ᠡᠶᠢᠨ ᠬᠦ᠂ ᠥᠨᠥ ᠵᠢᠯ ︽ᠮᠧᠩ ᠺᠧ ᠵᠢᠤᠢ︾ ᠶᠢᠨ ᠬᠤᠪᠢᠶᠠᠷᠢ ᠲᠥᠪ ᠰᠢᠨ᠎ᠡ ᠪᠠᠷ 3 ᠨᠡᠮᠡᠭᠳᠡᠭᠡᠳ ᠣᠷᠣᠨ ᠤ ᠭᠠᠳᠠᠨᠠᠬᠢ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠪᠠᠶᠢᠭᠤᠯᠤᠮᠵᠢ ᠨᠢ 27 ᠪᠣᠯᠵᠠᠢ᠃ ︽ᠮᠧᠩ ᠺᠧ ᠵᠢᠤᠢ︾ ᠰᠢᠶᠦ᠋ᠩ ᠠᠨ ᠳᠠᠬᠢ ᠬᠤᠪᠢᠶᠠᠷᠢ ᠲᠥᠪ ᠤᠨ ᠵᠣᠷᠢᠯᠲᠠ ᠪᠣᠯ ᠦᠷ᠎ᠡ ᠪᠦᠲᠦᠭᠡᠯ ᠤᠨ ᠣᠭᠤᠷᠴᠤᠭ ᠬᠠᠷᠢᠶ᠎ᠠ ᠭᠠᠵᠠᠷ ᠪᠠ ᠴᠢᠳᠠᠪᠤᠷᠢᠲᠠᠨ ᠤ ᠣᠭᠤᠷᠴᠤᠭ ᠬᠠᠷᠢᠶ᠎ᠠ ᠭᠠᠵᠠᠷ ᠤᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠰᠢᠶᠦ᠋ᠩ ᠠᠨ ᠰᠢᠨ᠎ᠡ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠳ ᠢ ᠥᠪᠥᠷ ᠮᠣᠩᠭᠤᠯ ᠳᠤ ᠲᠥᠪᠯᠡᠷᠡᠭᠦᠯᠦᠨ ᠤᠯᠠᠷᠢᠭᠤᠯᠬᠤ ᠳᠤ ᠦᠢᠯᠡᠴᠢᠯᠡᠵᠦ᠂ ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠳ ᠢ ᠳᠠᠭᠠᠵᠤ ᠦᠢᠯᠡᠴᠢᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠳ ᠢ ᠤᠯᠠᠷᠢᠭᠤᠯᠬᠤ ᠪᠥᠬᠦ ᠶᠠᠪᠤᠴᠠ ᠶᠢᠨ᠂ ᠪᠥᠬᠦ ᠲᠠᠯ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠶᠢᠨ ᠲᠥᠯᠥᠭᠡ ᠶᠤᠮ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ︽ᠮᠧᠩ ᠺᠧ ᠵᠢᠤᠢ︾ ᠬᠥᠳᠡᠯᠭᠡᠭᠦᠷ ᠲᠠᠪᠴᠠᠩ ᠳᠤ ᠲᠦᠰᠢᠭᠯᠡᠬᠦ ᠪᠠᠷ ᠭᠠᠷᠳᠠᠴᠠ ᠪᠣᠯᠭᠠᠨ᠂ ︽ᠭᠠᠳᠠᠭᠰᠢ ᠭᠠᠷᠬᠤ ︾ ᠶᠢ ᠨᠠᠷᠢᠯᠢᠭ ᠣᠨᠣᠴᠠᠲᠠᠶ ᠵᠣᠯᠭᠠᠭᠤᠯᠬᠤ ᠪᠠᠨ ᠪᠠᠷᠢᠮᠲᠠᠯᠠᠵᠤ᠂ ︽ᠣᠷᠣᠭᠤᠯᠤᠨ ᠠᠪᠴᠢᠷᠠᠬᠤ︾ ᠶᠢ ᠬᠦᠴᠦ ᠪᠠᠨ ᠲᠥᠪᠯᠡᠷᠡᠭᠦᠯᠦᠨ ᠬᠥᠭᠵᠢᠭᠦᠯᠦᠭᠰᠡᠨ ᠪᠥᠭᠡᠳ ᠪᠡᠭᠡᠵᠢᠩ᠂ ᠱᠧᠨᠵᠧᠨ ᠳᠤ ᠣᠯᠠᠨᠲᠠ ᠬᠦᠷᠴᠦ᠂ ᠱᠠᠩᠬᠠᠶ ᠯᠤᠭ᠎ᠠ ᠣᠯᠠᠨᠲᠠ ᠬᠤᠯᠪᠤᠭ᠎ᠠ ᠠᠪᠴᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠮᠥᠩᠭᠦᠨ ᠭᠦᠢᠯᠭᠡᠭᠡᠨ ᠤ ᠬᠥᠷᠥᠩᠭᠡ ᠮᠥᠩᠭᠦ ᠵᠡᠷᠭᠡ ᠡᠬᠢ ᠪᠠᠶᠠᠯᠢᠭ ᠲᠠᠢ ᠬᠠᠮᠲᠤᠷᠠᠯᠴᠠᠵᠤ᠂ ᠣᠯᠠᠨ ᠵᠦᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠ ᠬᠠᠩᠭᠠᠯᠭ᠎ᠠ ᠬᠡᠷᠡᠭᠴᠡᠭᠡ ᠶᠢᠨ ᠬᠠᠮᠲᠤᠷᠠᠯᠴᠠᠭ᠎ᠠ ᠪᠠᠨ ᠠᠬᠢᠭᠤᠯᠵᠠᠢ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ︽ᠮᠧᠩ ᠺᠧ ᠵᠢᠤᠢ︾ ᠲᠠᠪᠴᠠᠩ ᠳᠤ ᠳᠠᠩᠰᠠᠯᠠᠭᠤᠯᠤᠭᠰᠠᠨ ᠬᠡᠷᠡᠭᠯᠡᠭᠴᠢ 1.2 ᠲᠦᠮᠡ ᠶᠢ ᠳᠠᠪᠠᠵᠤ᠂ ᠣᠷᠣᠨ ᠤ ᠭᠠᠳᠠᠨ᠎ᠠ 27 ᠡᠷᠦᠬᠡ ︽ᠮᠧᠩ ᠺᠧ ᠵᠢᠤᠢ︾ ᠬᠠᠮᠲᠤᠷᠠᠯᠴᠠᠭᠠᠨ ᠤ ᠪᠠᠶᠢᠭᠤᠯᠤᠮᠵᠢ ᠫᠠᠶᠢᠰᠠ ᠡᠯᠭᠦᠵᠦ᠂ 200 ᠭᠠᠷᠤᠶ ᠲᠠᠯᠠᠪᠤᠷ ᠤᠷᠢᠳᠴᠢᠯᠠᠵᠤ ᠲᠠᠨᠢᠯᠴᠠᠭᠤᠯᠤᠨ ᠰᠤᠷᠲᠠᠯᠴᠢᠯᠠᠬᠤ ᠠᠵᠢᠯᠯᠠᠭ᠎ᠠ ᠶᠠᠪᠤᠭᠳᠠᠭᠤᠯᠵᠤ᠂ 49 ᠲᠠᠯᠠᠪᠤᠷ ᠦᠷ᠎ᠡ ᠪᠦᠲᠦᠭᠡᠯ ᠢ ᠭᠤᠤᠯᠳᠠᠯᠭ᠎ᠠ ᠲᠠᠢ ᠨᠡᠶᠢᠲᠡᠯᠡᠬᠦ ᠬᠤᠷᠠᠯ ᠡᠷᠭᠢᠯᠡᠵᠦ᠂ 600 ᠭᠠᠷᠤᠶ ᠵᠦᠢᠯ ᠤᠨ ᠥᠨᠳᠥᠷ ᠬᠢᠷᠢ ᠲᠦᠪᠰᠢᠨ ᠪᠥᠬᠦᠶ ᠦᠷ᠎ᠡ ᠪᠦᠲᠦᠭᠡᠯ ᠢ ᠨᠡᠶᠢᠲᠡᠯᠡᠪᠡ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ︶    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ