ᠠᠩᠬ᠎ᠠ ᠤᠳᠠᠭ᠎ᠠ ᠨᠡᠶᠢᠲᠡᠯᠡᠪᠠ︕ ︽85 ᠣᠨ ᠠᠴᠠ ᠰᠡᠭᠦᠯᠡᠷ ᠲᠥᠷᠥᠭᠰᠡᠨ︾ ᠤᠤᠯ ᠤᠨ ᠰᠢᠶᠠᠨ ᠤ ᠳᠠᠷᠤᠭ᠎ᠠ ᠭᠤᠣ ᠢᠦᠶ ᠨᠢᠭᠡᠨᠲᠡ ᠪᠠᠶᠢᠴᠠᠭᠠᠭᠳᠠᠵᠠᠢ
ᠨᠡᠶᠢᠲᠡᠯᠡᠭᠰᠡᠨ ᠴᠠᠭ᠄
2024/9/12
  ︽ᠪᠤᠭᠤᠲᠤ ᠶᠢᠨ ᠡᠳᠦᠷ ᠤᠨ ᠰᠣᠨᠢᠨ︾ ᠤ 8 ᠰᠠᠷ᠎ᠠ ᠶᠢᠨ 8 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ 2024 ᠣᠨ ᠤ 8 ᠰᠠᠷ᠎ᠠ ᠶᠢᠨ 7 ᠤ ᠡᠳᠦᠷ ᠬᠤᠷᠠᠯᠳᠤᠪᠠ᠃ ᠪᠦᠬᠦᠳᠡ ᠬᠤᠷᠠᠯ ᠠᠴᠠ ᠭᠤᠤ ᠢᠦᠢ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠪᠤᠭᠤᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠭᠠᠳ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠦᠷᠦᠭᠦᠬᠡᠨ ᠭᠠᠷᠭᠠᠭᠰᠠᠨ ᠭᠤᠤ ᠢᠦᠢ ᠶᠢ ᠨᠠᠮ ᠠᠴᠠ ᠬᠥᠭᠡᠭᠡᠬᠦ ᠰᠢᠢᠳᠭᠡᠯ ᠢ ᠨᠤᠲᠠᠯᠠᠪᠠ᠃    ᠳᠡᠭᠡᠷᠡᠬᠢ ᠮᠡᠳᠡᠭᠡ ᠠᠴᠠ ᠦᠵᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠭᠦᠶᠡᠩ ᠰᠢᠶᠠᠨ ᠤ ᠤᠤᠯ ᠤᠨ ᠳᠠᠷᠤᠭ᠎ᠠ ᠭᠤᠤ ᠢᠦᠶ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠠᠴᠠ ᠪᠣᠯᠵᠣ ᠪᠠᠶᠢᠴᠠᠭᠠᠭᠳᠠᠭᠰᠠᠨ ᠪᠥᠭᠡᠳ ᠨᠢᠭᠡᠨᠲᠡ ᠨᠠᠮ ᠠᠴᠠ ᠬᠥᠭᠡᠭᠡᠭᠳᠡᠵᠡᠶ
ᠢᠷᠡᠯᠲᠡ᠄ ᠠᠷᠠᠳ ᠤᠨ ᠮᠣᠩᠭᠤᠯ ᠰᠦᠯᠵᠢᠶ᠎ᠡ