ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠠᠴᠠ ᠡᠮᠦᠨᠡᠬᠢ ᠡᠮ ᠤᠨ  ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠬᠤ ᠠᠵᠢᠯ  ᠢ ᠦᠷᠨᠢᠭᠦᠯᠪᠡ
ᠨᠡᠶᠢᠲᠡᠯᠡᠭᠰᠡᠨ ᠴᠠᠭ᠄
2024/9/13
    ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠬᠤᠭᠤᠴᠠᠭᠠᠨ ᠳᠤ ᠡᠮ ᠤᠨ  ᠵᠦᠢᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠠᠷᠠᠳ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃    ᠲᠣᠰ ᠤᠳᠠᠭᠠᠨ ᠤ ᠪᠠᠶᠢᠴᠠᠭᠠᠯᠲᠠ ᠨᠢ ᠡᠵᠡᠩᠨᠡᠯᠲᠡ ᠶᠢᠨ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠵᠤ᠂ ᠡᠮ ᠤᠨ ᠳᠡᠯᠭᠡᠭᠦᠷ ᠲᠤ ᠰᠠᠭᠤᠭ᠎ᠠ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠶᠢᠳᠠᠯ᠂ ᠡᠮ ᠤᠨ  ᠵᠦᠢᠯ ᠤᠨ ᠪᠠᠷᠠᠭ᠎ᠠ ᠣᠷᠣᠭᠤᠯᠤᠯᠲᠠ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ᠂ ᠡᠮ ᠤᠨ  ᠵᠦᠢᠯ ᠢ ᠬᠠᠳᠠᠭᠠᠯᠠᠬᠤ ᠨᠥᠬᠦᠴᠡᠯ ᠪᠠ ᠬᠦᠴᠦᠨ ᠲᠠᠢ ᠬᠤᠭᠤᠴᠠᠭ᠎ᠠ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠮ ᠤᠨ  ᠵᠦᠢᠯ ᠤᠨ ᠪᠠᠭᠠᠵᠢ ᠬᠡᠷᠡᠭᠰᠡᠯ ᠡᠵᠡᠩᠨᠡᠬᠦ ᠨᠢᠭᠡᠴᠡ ᠶᠢ ᠰᠢᠪᠠᠳᠠᠨ ᠶᠠᠰᠤ ᠴᠢᠨᠠᠷ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠮ ᠤᠨ  ᠵᠦᠢᠯ ᠤᠨ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠣᠲᠣ ᠪᠣᠯᠲᠠᠯ᠎ᠠ᠂ ᠨᠡᠶᠢᠲᠡ 50 ᠭᠠᠷᠤᠶ ᠡᠮ ᠤᠨ ᠳᠡᠯᠭᠡᠭᠦᠷ ᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠠᠰᠠᠭᠤᠳᠠᠯ ᠣᠷᠣᠰᠢᠵᠤ ᠪᠠᠶᠢᠭ᠎ᠠ ᠡᠮ ᠤᠨ ᠳᠡᠯᠭᠡᠭᠦᠷ ᠢ ᠰᠢᠪᠠᠳᠠᠵᠤ ᠪᠠᠶᠢᠭᠠᠳ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠵᠠᠶ᠃    ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠠᠵᠢᠯ ᠢ ᠦᠷᠭᠦᠯᠵᠢᠯᠡᠨ ᠥᠷᠨᠢᠭᠦᠯᠵᠦ᠂ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠣᠰᠣᠭᠠᠷ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠪᠠᠷ ᠪᠠᠶᠢᠴᠠᠭᠠᠨ ᠰᠢᠢᠳᠪᠦᠷᠢᠯᠡᠵᠦ᠂ ᠪᠥᠬᠦ ᠬᠤᠲᠠ ᠶᠢᠨ ᠥᠷᠭᠡᠨ ᠣᠯᠠᠨ ᠠᠷᠠᠳ ᠲᠦᠮᠡᠨ ᠤ ᠡᠮ ᠳᠤ ᠬᠡᠷᠡᠭᠯᠡᠬᠦ ᠵᠠᠷ ᠵᠡᠪᠰᠡᠭ ᠵᠠᠰᠠᠯ ᠴᠢᠮᠡᠭᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ