ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠭᠤᠤᠯ ᠤᠨ ᠪᠠᠷᠠᠭᠤᠨᠳᠠᠬᠢ ᠵᠡᠭᠡᠯᠢ ᠭᠤᠲᠤᠮᠵᠢ  ᠳᠤ ᠭᠦᠨᠵᠡᠭᠡᠶᠢᠷᠡᠨ  ᠬᠠᠷ᠎ᠠ ᠳᠡᠯᠳᠡᠦ ᠶᠢᠨ ᠲᠠᠷᠢᠮᠠᠯ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2024/9/13
    ᠭᠤᠤᠯ ᠤᠨ ᠪᠠᠷᠠᠭᠤᠨᠳᠠᠬᠢ ᠵᠡᠭᠡᠯᠢ ᠭᠤᠲᠤᠮᠵᠢ ᠶᠢᠨ ᠬᠤᠳᠤᠩ ᠦᠨᠳᠦᠰᠦᠲᠡᠨ ᠤ ᠲᠣᠰᠬᠤᠨ ᠤ ᠬᠢᠨ ︽ᠰᠦᠯᠵᠢᠶ᠎ᠡ ᠪᠠᠷ ᠵᠢᠭᠰᠠᠭᠠᠨ ᠪᠠᠶᠢᠴᠠᠭᠠᠬᠤ᠂ ᠵᠡᠭᠡᠯᠢ ᠲᠣᠰᠬᠤᠨ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠶᠢ ᠢᠳᠡᠪᠬᠢᠲᠡᠶ ᠳᠠᠭᠠᠵᠤ᠂ ᠣᠶᠢᠷ᠎ᠠ ᠳᠤ ᠂ ᠰᠦᠯᠵᠢᠶᠡᠨ ᠤ ᠠᠵᠢᠯᠲᠠᠨ ᠰᠤᠷᠪᠤᠯᠵᠢᠯᠠᠵᠤ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠵᠠᠩ ᠡᠵᠢ ᠶᠢᠨ ᠬᠠᠷ᠎ᠠ ᠳᠡᠯᠳᠡᠦ ᠳᠠᠷᠢᠬᠤ ᠬᠤᠷᠰᠢᠶ᠎ᠠ ᠶᠢᠨ ᠭᠡᠰᠢᠭᠦᠳ ᠬᠠᠷ᠎ᠠ ᠳᠡᠯᠳᠡᠦ ᠳᠠᠷᠢᠬᠤ ᠮᠡᠷᠭᠡᠵᠢᠯ ᠢᠶᠠᠨ ᠳᠡᠭᠡᠭᠰᠢᠯᠡᠭᠦᠯᠬᠦ ᠰᠠᠨᠠᠭ᠎ᠠ ᠲᠠᠢ ᠪᠠᠶᠢᠬᠤ ᠶᠢ ᠣᠶᠢᠯᠠᠭᠠᠵᠤ᠂ ᠳᠡᠭᠡᠭᠰᠢ ᠵᠡᠭᠡᠯᠢ ᠭᠤᠳᠤᠮᠵᠢ ᠳᠤ ᠮᠡᠳᠡᠭᠦᠯᠬᠦ ᠪᠠᠷ ᠳᠡᠮᠵᠢᠨ᠂ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠠᠷᠢᠯᠴᠠᠵᠤ ᠲᠣᠰ ᠠᠰᠠᠭᠤᠳᠠᠯ  ᠢ ᠰᠢᠢᠳᠪᠦᠷᠢᠯᠡᠵᠡᠢ᠃ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠭᠤᠤᠯ ᠤᠨ ᠪᠠᠷᠠᠭᠤᠨᠳᠠᠬᠢ ᠵᠡᠭᠡᠯᠢ ᠭᠤᠲᠤᠮᠵᠢ ᠶᠢᠨ ᠬᠤᠳᠤᠩ ᠦᠨᠳᠦᠰᠦᠲᠡᠨ ᠤ ᠲᠣᠰᠬᠤᠨ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠤᠷ ᠲᠤ ᠬᠠᠷ᠎ᠠ ᠳᠡᠯᠳᠡᠦ ᠳᠠᠷᠢᠬᠤ ᠮᠡᠷᠭᠡᠵᠢᠯ ᠢ ᠵᠢᠭᠠᠨ ᠰᠤᠷᠭᠠᠪᠠ᠃     ᠮᠡᠷᠭᠡᠵᠢᠯ ᠢ ᠵᠢᠭᠠᠨ ᠰᠤᠷᠭᠠᠬᠤ ᠲᠤᠬᠠᠶ ᠶᠢᠨ ᠲᠠᠯᠠᠪᠤᠷ ᠲᠤ᠂ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠠᠵᠢᠯᠲᠠᠨ ᠲᠦᠭᠦᠬᠡᠶ ᠮᠠᠲ᠋ᠧᠷᠢᠶᠠᠯ ᠤᠨ ᠪᠡᠯᠡᠳᠬᠡᠯ ᠠᠴᠠ ᠠᠪᠤᠭᠠᠳ ᠬᠠᠲᠠᠭᠠᠬᠤ ᠲᠦᠷᠢᠮ ᠬᠦᠷᠲᠡᠯ᠎ᠡ ᠪᠥᠬᠦ ᠶᠠᠪᠤᠴᠠ ᠳᠤ ᠰᠢᠰᠲ᠋ᠧᠮ ᠲᠠᠢ ᠲᠠᠶᠢᠯᠤᠮᠵᠢ ᠬᠢᠵᠦ᠂ ᠲᠠᠷᠢᠶᠠᠴᠢᠨ ᠡᠷᠦᠬᠡ ᠶᠢᠨ ᠳᠠᠷᠢᠬᠤ ᠶᠠᠪᠤᠴᠠ ᠳᠠᠬᠢ ᠰᠡᠵᠢᠭ ᠲᠤ ᠬᠠᠷᠢᠭᠤᠯᠲᠠ ᠥᠭᠬᠦ ᠶᠢᠨ ᠬᠠᠮᠲᠤ ᠲᠠᠷᠢᠶᠠᠴᠢᠨ ᠡᠷᠦᠬᠡ ᠲᠠᠢ ᠬᠠᠷ᠎ᠠ ᠳᠡᠯᠳᠡᠦ ᠶᠢᠨ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯ᠂ ᠲᠡᠭᠦᠬᠦ ᠪᠠ ᠬᠠᠲᠠᠭᠠᠬᠤ ᠮᠡᠷᠭᠡᠵᠢᠯ ᠢ ᠰᠣᠯᠢᠯᠴᠠᠪᠠ᠃     ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠡᠲᠡᠭᠡᠷ ᠮᠡᠷᠭᠡᠵᠢᠯ ᠤᠨ ᠮᠡᠳᠡᠭᠡ ᠵᠠᠩᠭᠢ ᠶᠢᠨ ᠵᠢᠯᠣᠭᠤᠳᠣᠯᠭ᠎ᠠ ᠪᠠᠷ ᠳᠡᠮᠵᠢᠨ᠂ ᠲᠠᠷᠢᠶᠠᠴᠢᠨ ᠡᠷᠦᠬᠡ ᠶᠢ ᠬᠠᠪᠰᠤᠷᠤᠨ ᠬᠠᠷ᠎ᠠ ᠳᠡᠯᠳᠡᠦ ᠳᠠᠷᠢᠬᠤ ᠮᠡᠷᠭᠡᠵᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠲᠡᠳᠡᠨ ᠤ ᠢᠳᠡᠭᠡᠨ ᠤ ᠮᠦᠬᠦ ᠶᠢᠨ ᠤᠨᠴᠠᠯᠢᠭᠳᠤ ᠠᠵᠤ ᠦᠢᠯᠡᠰ ᠢ ᠬᠥᠭᠵᠢᠭᠦᠯᠬᠦ ᠢᠲᠡᠭᠡᠯ ᠢ ᠨᠢ ᠨᠡᠮᠡᠭᠳᠡᠭᠦᠯᠦᠨ᠂ ᠢᠳᠡᠭᠡᠨ ᠤ ᠮᠦᠬᠦ ᠶᠢᠨ ᠤᠨᠴᠠᠯᠢᠭᠳᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ     ᠲᠠᠷᠠᠭᠠᠴᠢ ᠶᠢᠨ ᠠᠯᠬᠤᠮ ᠳᠤ᠂ ᠭᠤᠤᠯ ᠤᠨ ᠪᠠᠷᠠᠭᠤᠨᠳᠠᠬᠢ ᠵᠡᠭᠡᠯᠢ ᠭᠤᠲᠤᠮᠵᠢ ᠶᠢᠨ ᠬᠤᠳᠤᠩ ᠦᠨᠳᠦᠰᠦᠲᠡᠨ ᠤ ᠲᠣᠰᠬᠤᠨ ᠤ ᠬᠢᠨ ︽ᠰᠦᠯᠵᠢᠶ᠎ᠡ ᠪᠠᠷ ᠵᠢᠭᠰᠠᠭᠠᠨ ᠪᠠᠶᠢᠴᠠᠭᠠᠬᠤ᠂ ᠵᠡᠭᠡᠯᠢ ᠲᠣᠰᠬᠤᠨ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠶᠢ ᠪᠠᠶᠢᠭᠤᠯᠬᠤ ᠪᠠᠷ ︽ᠳᠠᠭᠤᠳᠠᠯᠭ᠎ᠠ ᠪᠠᠶᠢᠪᠠᠯ ᠵᠠᠪᠠᠯ ᠠᠷᠭᠠᠴᠠᠬᠤ︾ ᠨᠠᠷᠠᠲᠤ ᠲᠡᠮᠳᠡᠭ ᠤᠨ ᠲᠣᠭᠲᠠᠴᠠ ᠶᠢ ᠭᠦᠨᠵᠡᠭᠡᠶᠢᠷᠡᠭᠦᠯᠦᠨ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠣᠯᠠᠨ ᠲᠦᠮᠡᠨ ᠤ ᠬᠡᠷ ᠤᠨ ᠡᠭᠦᠳᠡᠨ ᠳᠠᠬᠢ ᠶᠠᠪᠤᠳᠠᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃    
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ