ᠬᠤ᠋ ᠴᠦᠨ ᠬᠤᠸᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠦᠵᠡᠬᠦ ᠪᠦᠯᠬᠦᠮ ᠢ ᠳᠠᠭᠠᠭᠤᠯᠤᠨ ᠮᠠᠨ ᠤ ᠣᠷᠣᠨ ᠳᠤ ᠪᠠᠶᠢᠴᠠᠭᠠᠨ ᠦᠵᠡᠪᠡ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠬᠢᠵᠦ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠨᠠᠶᠢᠷᠠᠮᠳᠠᠭᠤ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/9/14
    ᠰᠦᠨ ᠱᠣᠣ ᠴᠧᠩ ᠸᠠᠩ ᠯᠢ ᠰᠢᠶᠠ ᠵᠠᠩ ᠶᠠᠨ ᠺᠦᠨ ᠪᠠᠷᠠᠳᠠᠨ ᠠᠭᠤᠯᠵᠠᠪᠠ    9 ᠰᠠᠷ᠎ᠠ ᠶᠢᠨ 9 ᠠᠴᠠ 13 ᠤ ᠡᠳᠦᠷ ᠪᠣᠯᠲᠠᠯ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠤ᠋ ᠴᠦᠨ ᠬᠤᠸᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠳᠡᠭᠡ ᠠᠵᠤ ᠠᠬᠤᠢ ᠪᠠ ᠬᠥᠳᠡᠭᠡ ᠲᠣᠰᠬᠤᠨ ᠤ ᠵᠥᠪᠯᠡᠯ ᠤᠨ ᠲᠤᠰᠬᠠᠢ ᠰᠡᠳᠦᠪᠲᠦ ᠪᠠᠶᠢᠴᠠᠭᠠᠨ ᠦᠵᠡᠬᠦ ᠪᠦᠯᠬᠦᠮ ᠢ ᠳᠠᠭᠠᠭᠤᠯᠤᠨ᠂ ︽ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠬᠢᠵᠦ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠨᠠᠶᠢᠷᠠᠮᠳᠠᠭᠤ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ︾ ᠶᠢᠨ ᠲᠣᠭᠤᠷᠢᠨ ᠳᠤ ᠥᠪᠥᠷ ᠮᠣᠩᠭᠤᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠨᠠᠷ ᠲᠠᠢ ᠪᠠᠶᠢᠴᠠᠭᠠᠨ ᠦᠵᠡᠬᠦ ᠠᠵᠢᠯ ᠥᠷᠨᠢᠭᠦᠯᠪᠡ᠃ 9 ᠰᠠᠷ᠎ᠠ ᠶᠢᠨ 9 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠥᠬᠡᠬᠤᠲᠠ ᠳᠤ ᠬᠤ᠋ ᠴᠦᠨ ᠬᠤᠸᠠ ᠲᠠᠢ ᠪᠠᠷᠠᠳᠠᠨ ᠠᠭᠤᠯᠵᠠᠪᠠ᠃    ᠪᠠᠶᠢᠴᠠᠭᠠᠨ ᠦᠵᠡᠬᠦ ᠪᠦᠯᠬᠦᠮ ᠤᠷᠢᠳ ᠬᠤᠵᠢᠳ ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠦᠬᠠᠢ ᠵᠡᠷᠭᠡ ᠭᠠᠵᠠᠷ ᠲᠤ ᠬᠦᠷᠴᠦ᠂ ᠰᠢᠶᠠᠩ ᠪᠠᠯᠭᠠᠰᠤ᠂ ᠲᠠᠷᠢᠶᠠᠴᠢᠨ ᠡᠷᠦᠬᠡ᠂ ᠲᠡᠵᠢᠭᠡᠪᠦᠷᠢ ᠶᠢᠨ ᠰᠠᠭᠤᠷᠢᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠪᠠᠶᠢᠳᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠠᠪᠤᠴᠠ ᠳᠠᠬᠢ ᠠᠷᠭ᠎ᠠ ᠬᠢᠳᠡᠯ ᠲᠤᠷᠰᠢᠯᠭ᠎ᠠ ᠶᠢ ᠭᠦᠢᠴᠡᠳ ᠣᠶᠢᠯᠠᠭᠠᠪᠠ᠃ ᠪᠠᠶᠢᠴᠠᠭᠠᠨ ᠦᠵᠡᠬᠦ ᠪᠦᠯᠬᠦᠮ ᠤᠨ ᠬᠢᠨ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠣᠷᠣᠯᠴᠠᠨ ᠲᠤᠭᠤᠰᠢᠯᠠᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠣᠷᠣᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠳᠤ ᠣᠳᠣ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠪᠠᠷ ᠬᠠᠷᠠᠯᠲᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠤᠭᠠᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠢ ᠲᠤᠬᠠᠢ ᠶᠢᠨ ᠭᠠᠵᠠᠷ ᠲᠤᠨᠢ ᠣᠶᠢᠯᠠᠭᠠᠨ ᠮᠡᠳᠡᠷᠡᠪᠡ᠃    ᠪᠠᠶᠢᠴᠠᠭᠠᠨ ᠦᠵᠡᠬᠦ ᠪᠦᠯᠬᠦᠮ ᠤᠨ ᠬᠢᠨ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠪᠣᠯᠣᠨ ᠪᠥᠬᠦ ᠲᠠᠯ᠎ᠠ ᠶᠢᠨ ᠥᠨᠳᠥᠷᠴᠡ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠮᠥᠨ᠂ ᠥᠷᠭᠡᠨ ᠣᠯᠠᠨ ᠲᠠᠷᠢᠶᠠᠴᠢᠨ ᠲᠦᠮᠡᠨ ᠤ ᠦᠨᠳᠦᠰᠦᠨ ᠠᠵᠠ ᠵᠢᠷᠭᠠᠯ ᠲᠠᠢ ᠬᠤᠯᠪᠣᠭᠳᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠥᠷᠨᠢᠭᠦᠯᠬᠦ ᠳᠤᠮᠳᠠ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠤᠯᠠᠮ ᠨᠢᠭᠡ ᠠᠯᠬᠤᠮ ᠦᠢᠯᠡᠳᠦᠯᠭᠡᠵᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠭᠤᠭᠴᠤᠭ᠎ᠠ ᠶᠢᠨ ᠬᠤᠭᠤᠷᠣᠨᠳᠤ ᠪᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠪᠠ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠠᠬᠢᠭᠤᠯᠵᠤ᠂ ᠬᠥᠳᠡᠭᠡ ᠲᠣᠰᠬᠤᠨ ᠤ ᠣᠷᠭᠠᠨᠢᠭ ᠠᠮᠢᠳᠤᠷᠠᠯ ᠤᠨ ᠬᠤᠭ ᠨᠣᠪᠰᠢ᠂ ᠵᠣᠷᠯᠣᠩ ᠤᠨ ᠢᠯᠭᠠᠳᠠᠰᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ ᠠᠰᠢᠭᠯᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠪᠠᠭᠠᠰᠬᠠᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠣᠨᠴᠠᠯᠢᠭ ᠪᠠ ᠲᠠᠷᠢᠶᠠᠴᠢᠳ ᠤᠨ ᠵᠠᠩ ᠳᠠᠳᠬᠠᠯ ᠳᠤ ᠨᠡᠶᠢᠴᠡᠭᠰᠡᠨ᠂ ᠳᠥᠭᠦᠮ ᠳᠥᠲᠡ ᠬᠢᠯᠪᠠᠷ ᠶᠠᠪᠤᠭᠳᠠᠬᠤ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠣᠣᠷ ᠰᠦᠯᠵᠢᠶ᠎ᠡ ᠬᠢᠭᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷᠯᠡᠬᠦ ᠪᠠ ᠲᠡᠭᠡᠭᠡᠪᠦᠷᠢᠯᠡᠬᠦ ᠲᠣᠣᠷ ᠰᠦᠯᠵᠢᠶ᠎ᠡ ᠶᠢᠨ ᠬᠠᠮᠲᠤᠷᠠᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠠᠷᠢᠶᠠᠴᠢᠨ ᠲᠦᠮᠡᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠳᠤ ᠣᠷᠣᠯᠴᠠᠬᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠲᠠᠷᠢᠶᠠᠴᠢᠨ ᠲᠦᠮᠡᠨ ᠤ ᠣᠷᠣᠯᠴᠠᠬᠤ ᠪᠠ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠢᠯᠡᠳᠬᠡᠪᠡ᠃    ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠳᠡᠭᠡ ᠠᠵᠤ ᠠᠬᠤᠢ ᠪᠠ ᠬᠥᠳᠡᠭᠡ ᠲᠣᠰᠬᠤᠨ ᠤ ᠵᠥᠪᠯᠡᠯ ᠤᠨ ᠳᠡᠳ᠋ ᠡᠷᠬᠢᠯᠡᠭᠴᠢ ᠸᠠᠩ ᠰᠢᠶᠣᠣ ᠳ᠋ᠦᠩ᠂ ᠴᠢᠵᠠᠯᠠ᠂ ᠬᠤᠸᠠᠩ ᠢᠦᠢ ᡁᠢ᠂ ᠵᠢᠶᠠᠩ ᠰᠢᠦᠢ ᠭᠤᠸᠠᠩ᠂ ᠯᠢᠶᠠᠩ ᠶᠧ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠦᠢ ᠪᠧᠨ ᠬᠤᠩ᠂ ᠯᠦ ᠮᠢᠨ᠂ ᠵᠠᠩ ᠾᠧ ᠫᠢᠩ᠂ ᠠᠯᠲᠠᠨᠳᠠᠯᠠᠢ᠂ ᠶᠢᠨ ᠵᠤᠸᠠᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠨᠥᠬᠦᠳ ᠪᠠᠶᠢᠴᠠᠭᠠᠨ ᠦᠵᠡᠬᠦ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠠᠩ ᠯᠧᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ