ᠰᠠᠶᠢᠨ ᠴᠢᠮᠡᠭᠡ︕ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠪᠠᠷ ᠪᠠᠰᠠ ᠰᠢᠨ᠎ᠡ ᠶᠢ ᠰᠣᠯᠢᠵᠤ ᠪᠣᠯᠤᠨ᠎ᠠ︕
ᠨᠡᠶᠢᠲᠡᠯᠡᠭᠰᠡᠨ ᠴᠠᠭ᠄
2024/9/14
    ᠰᠤᠷᠪᠤᠯᠵᠢᠯᠠᠭᠴᠢ 30 ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠳᠠᠯᠳᠠ ᠬᠡᠮ ᠤᠨ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠣᠶᠢᠷ᠎ᠠ ᠳᠤ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠲᠥᠰᠦᠯ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠬᠤᠪᠢ ᠬᠥᠮᠦᠨ ᠤ ᠨᠡᠷ᠎ᠡ ᠳᠡᠭᠡᠷᠡᠬᠢ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠪᠠᠷ ᠢᠶᠠᠨ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠰᠣᠯᠢᠵᠤ ᠠᠪᠬᠤ ᠬᠡᠷᠡᠭᠯᠡᠭᠴᠢᠳ ᠲᠤ ᠨᠥᠬᠦᠪᠥᠷᠢ ᠥᠭᠴᠦ᠂ ᠯᠢᠲ᠋ᠢ ᠢᠶᠣᠨ ᠤ ᠬᠡᠯᠬᠢᠶ᠎ᠡ ᠳ᠋ᠢᠶᠠᠨ ᡂᠢ ᠭᠡᠷᠡᠭᠯᠡᠳᠡᠭ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠢᠶᠠᠨ ᠬᠠᠷ᠎ᠠ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠭᠡᠷᠡᠭᠯᠡᠳᠡᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠣᠯᠢᠵᠤ ᠠᠪᠬᠤ ᠬᠡᠷᠡᠭᠯᠡᠭᠴᠢᠳ ᠲᠤ ᠨᠥᠬᠦᠪᠥᠷᠢ ᠥᠭᠬᠦ ᠶᠢ ᠵᠣᠬᠢᠰᠲᠠᠶ ᠪᠠᠷ ᠲᠡᠭᠡᠭᠰᠢᠯᠡᠬᠦᠯᠵᠦ ᠪᠣᠯᠤᠨ᠎ᠠ᠃ ᠨᠥᠬᠦᠪᠥᠷᠢ ᠭᠥᠷᠳᠡᠬᠦ ᠬᠡᠷᠡᠭᠯᠡᠭᠴᠢᠳ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ︾ ᠳᠤ ᠨᠡᠶᠢᠴᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠪᠣᠳᠠᠲᠠᠶ ᠳᠡᠮᠵᠢᠬᠦ ᠵᠣᠭᠤᠰ ᠤᠨ ᠲᠤᠭ᠎ᠠ᠂ ᠠᠷᠭ᠎ᠠ ᠮᠠᠶ᠋ᠢᠭ᠂ ᠡᠬᠢᠯᠡᠬᠦ ᠴᠠᠭ ᠬᠤᠭᠤᠴᠠᠭ᠎ᠠ ᠵᠡᠷᠭᠡ ᠶᠢ ᠪᠡᠶ᠎ᠡ ᠪᠠᠨ ᠳᠠᠭᠠᠭᠠᠵᠤ ᠲᠣᠭᠲᠠᠭᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ