ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠯᠠᠨ ᠠᠶᠢᠯ ᠬᠤᠲᠠ ᠳᠤ ᠭᠦᠨᠵᠡᠭᠡᠶᠢᠷᠡᠨ ︽ᠬᠡᠭᠡᠷ᠎ᠡ ᠶᠢᠨ ᠠᠮᠢᠲᠠᠨ︾ ᠢ ᠬᠠᠮᠠᠭᠠᠯᠠᠬᠤ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/3
    ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠤ ᠠᠷᠠᠯᠵᠢᠶ᠎ᠠ ᠬᠢᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ ᠠᠷᠢᠯᠭᠠᠬᠤ ᠶᠢᠨ ᠲᠥᠯᠥᠭᠡ᠂ 8 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠯᠠᠨ ᠠᠶᠢᠯ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠠᠮᠲᠤᠷᠠᠨ ᠵᠠᠯᠠᠨ ᠠᠶᠢᠯ ᠬᠤᠲᠠ ᠳᠤ ᠭᠦᠨᠵᠡᠭᠡᠶᠢᠷᠡᠨ ︽ᠬᠡᠭᠡᠷ᠎ᠡ ᠶᠢᠨ ᠠᠮᠢᠲᠠᠨ︾ ᠢ ᠳᠤᠷ᠎ᠠ ᠪᠠᠷ ᠢᠶᠠᠨ ᠢᠳᠡᠬᠦ ᠳᠤ ᠴᠣᠬᠢᠯᠲᠠ ᠥᠭᠬᠦ ᠪᠠᠷ ᠭᠤᠤᠯᠳᠠᠯᠭ᠎ᠠ ᠪᠣᠯᠭᠠᠭᠰᠠᠨ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ᠃    ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠩᠨᠠᠬᠤ ᠪᠠ ᠡᠵᠡᠩᠨᠡᠬᠦ ᠳᠤ ᠠᠮᠠᠷᠬᠠᠨ ᠡᠭᠦᠰᠬᠦ᠂ ᠣᠯᠠᠨ ᠡᠭᠦᠰᠬᠦ ᠣᠷᠣᠨ ᠪᠦᠰᠡ ᠪᠠᠷ ᠭᠠᠷᠳᠠᠨ ᠬᠢᠬᠦ ᠴᠡᠭ ᠪᠣᠯᠭᠠᠵᠤ᠂ ᠲᠤᠬᠠᠶ ᠶᠢᠨ ᠲᠠᠯᠠᠪᠠᠶ ᠳᠤ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠪᠣᠳᠠᠲᠤ ᠴᠣᠭᠴᠠ ᠶᠢᠨ ᠡᠵᠡᠩᠨᠡᠯᠲᠡ ᠶᠢᠨ ᠨᠢᠭᠡᠴᠡ ᠳᠤ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠪᠣᠷᠣᠯᠠᠭᠤᠯᠤᠭᠰᠠᠨ ᠡᠰᠡᠬᠦ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠪᠣᠯᠪᠠᠰᠤᠷᠠᠭᠤᠯᠤᠭᠰᠠᠨ᠂ ᠡᠵᠡᠩᠨᠡᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠭᠤᠤᠯ ᠴᠣᠭᠴᠠ ᠵᠢᠴᠢ ᠡᠷᠬᠢᠨ ᠲᠣᠭᠤᠷᠢᠨ ᠤ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠨᠡᠶᠢᠲᠡ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠪᠠ ᠠᠮᠢ ᠠᠬᠤᠶ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠬᠡᠭᠡᠷ᠎ᠡ ᠶᠢᠨ ᠠᠮᠢᠲᠠᠨ ᠢ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ‌ᠦᠢᠯᠡ‌ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠪᠥᠬᠦ ᠠᠷᠠᠳ ᠢᠶᠠᠷ ᠢᠶᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠵᠠᠯᠬᠠᠭᠠᠨ ᠰᠢᠳᠬᠡᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠪᠦᠬᠦᠨ ᠢ ᠬᠠᠮᠤᠷᠤᠭᠰᠠᠨ᠂ ᠥᠯᠥ ᠣᠨᠣᠭᠳᠠᠬᠤ ᠭᠠᠵᠠᠷ ᠥᠬᠡᠶ ᠬᠠᠤᠯᠢ ᠬᠡᠷᠡᠭᠵᠢᠭᠦᠯᠬᠦ ᠲᠣᠤᠷ ᠰᠦᠯᠵᠢᠶ᠎ᠡ ᠶᠢ ᠪᠠᠶᠢᠭᠤᠯᠵᠤ᠂ ᠪᠥᠬᠦ ᠬᠤᠲᠠ ᠪᠠᠷ ᠢᠶᠠᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠲᠤ ᠪᠠᠷ ᠠᠩᠬᠠᠷᠤᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃   
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ