ᠥᠭᠡᠷᠡᠴᠢᠯᠡᠯᠲᠡ ᠬᠢᠬᠦ ᠳᠤ ᠭᠠᠳᠠᠨᠠᠬᠢ ᠬᠦᠮᠦᠨ ᠭᠡᠵᠦ ᠦᠯᠦ ᠪᠠᠶᠢᠨᠠᠮ᠂ ᠬᠦᠨᠳᠡᠯᠡᠨ ᠤ ᠬᠦᠮᠦᠨ ᠦᠯᠦ ᠪᠣᠯᠣᠨᠠᠮ
ᠨᠡᠶᠢᠲᠡᠯᠡᠭᠰᠡᠨ ᠴᠠᠭ᠄
2024/9/3
    ᠥᠭᠡᠷᠡᠴᠢᠯᠡᠯᠲᠡ ᠨᠡᠭᠡᠭᠡᠯᠲᠡ ᠪᠣᠯ ᠲᠦᠭ ᠲᠦᠮᠡᠨ ᠠᠷᠠᠳ ᠲᠦᠮᠡᠨ ᠤ ᠥᠪᠡᠷ ᠤᠨ ᠬᠢᠨ ᠦᠢᠯᠡᠰ ᠮᠥᠨ ᠬᠡᠮᠡᠨ ᠶᠡᠷᠦᠩᠬᠡᠢ ᠱᠦᠵᠢ ᠰᠢ ᠶᠢᠨ ᠫᠢᠩ ᠥᠩᠭᠡᠷᠡᠭᠰᠡᠨ ᠳᠤ ᠵᠢᠭᠠᠵᠤ ᠭᠠᠷᠭᠠᠭᠰᠠᠨ ᠪᠠᠶᠢᠳᠠᠭ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢᠶᠠᠷ ᠪᠠᠶᠢᠷᠢᠯᠠᠭᠤᠯᠤᠭᠰᠠᠨ 300 ᠭᠠᠷᠤᠶ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠬᠥᠮᠦᠨ ᠪᠦᠬᠦᠨ ᠲᠠᠢ ᠨᠢᠭᠲᠠ ᠬᠠᠷᠢᠴᠠᠭ᠎ᠠ ᠲᠠᠢ ᠶᠤᠮ᠃ ᠥᠭᠡᠷᠡᠴᠢᠯᠡᠯᠲᠡ ᠬᠢᠬᠦ ᠳᠤ ᠭᠠᠳᠠᠨᠠᠬᠢ ᠬᠥᠮᠥᠨ᠂ ᠬᠦᠨᠳᠡᠯᠡᠨ ᠤ ᠬᠦᠮᠦᠨ ᠭᠡᠵᠦ ᠦᠯᠦ ᠪᠠᠶᠢᠨᠠᠮ᠃    ᠥᠭᠡᠷᠡᠴᠢᠯᠡᠯᠲᠡ ᠶᠢ ᠠᠳᠬᠤᠨ᠂ ᠬᠥᠭᠵᠢᠯᠲᠡ ᠶᠢ ᠠᠬᠢᠭᠤᠯᠬᠤ ᠪᠣᠯ ᠡᠴᠦᠰ ᠤᠨ ᠡᠴᠦᠰ ᠲᠤ ᠪᠠᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠶᠢᠨ ᠲᠥᠯᠥᠭᠡ ᠶᠤᠮ᠃ ᠠᠵᠢᠯ ᠣᠯᠤᠭᠰᠠᠨ ᠭᠠᠵᠠᠷ ᠣᠷᠣᠨ ᠤ ᠪᠠᠨ ᠳᠠᠭᠠᠳᠬᠠᠯ ᠳᠤ ᠣᠷᠣᠯᠴᠠᠬᠤ ᠳᠤ ᠡᠷᠦᠬᠡ ᠠᠮᠠᠨ ᠳᠠᠩᠰᠠ ᠪᠠᠷ ᠬᠢᠵᠠᠭᠠᠷᠯᠠᠬᠤ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠳᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ᠂ ᠲᠦᠭᠡᠮᠡᠯ ᠬᠠᠷᠠᠭᠠᠯᠵᠠᠯᠲᠤ ᠪᠦᠬᠦᠢ ᠬᠡᠤᠬᠡᠳ ᠬᠥᠮᠦᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠁ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢᠶᠠᠷ ᠪᠠᠶᠢᠷᠢᠯᠠᠭᠤᠯᠤᠭᠰᠠᠨ ᠠᠯᠢ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠠᠷᠠᠳ ᠲᠦᠮᠡᠨ ᠤ ᠠᠮᠢᠳᠤᠷᠠᠯ ᠤᠨ ᠡᠯ᠎ᠡ ᠲᠠᠯ᠎ᠠ ᠲᠠᠢ ᠰᠢᠭᠤᠳ ᠬᠤᠯᠪᠤᠭᠳᠠᠵᠤ᠂ ᠬᠥᠮᠦᠨ ᠨᠢᠭᠡᠪᠦᠷᠢ ᠨᠢ ᠥᠭᠡᠷᠡᠴᠢᠯᠡᠯᠲᠡ ᠬᠢᠭᠰᠡᠨ ᠤ ᠠᠰᠢᠭ ᠬᠦᠷᠲᠡᠭᠴᠢ ᠪᠣᠯᠬᠤ ᠮᠥᠷᠲᠡᠭᠡᠨ ᠪᠠᠰᠠ ᠴᠤ ᠥᠭᠡᠷᠡᠴᠢᠯᠡᠯᠲᠡ ᠳᠤ ᠣᠷᠣᠯᠴᠠᠭᠴᠢ ᠮᠥᠨ᠃    ᠭᠠᠳᠠᠨᠠᠬᠢ ᠬᠥᠮᠥᠨ ᠭᠡᠵᠦ ᠦᠯᠦ ᠪᠠᠶᠢᠨᠠᠮ᠂ ᠬᠦᠨᠳᠡᠯᠡᠨ ᠤ ᠬᠦᠮᠦᠨ ᠭᠡᠵᠦ ᠦᠯᠦ ᠪᠣᠯᠣᠨᠠᠮ᠃ ᠬᠠᠵᠠᠭᠤ ᠳᠤ ᠨᠢ ᠵᠣᠭᠰᠣᠭᠠᠳ ᠦᠵᠡᠬᠦ ᠶᠢᠨ ᠣᠷᠣᠨ ᠳᠤ ᠪᠡᠶ᠎ᠡ ᠪᠠᠷ ᠢᠶᠠᠨ ᠣᠷᠣᠯᠴᠠᠨ ᠬᠢᠭᠰᠡᠨ ᠨᠢ ᠳᠡᠭᠡᠷ᠎ᠡ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠦᠬᠦ ᠠᠷᠠᠳ ᠲᠦᠮᠡᠨ ᠬᠠᠮᠲᠤ ᠪᠠᠷ ᠣᠷᠣᠯᠴᠠᠨ᠂ ᠬᠠᠮᠲᠤ ᠪᠠᠷ ᠡᠭᠦᠳᠦᠨ ᠪᠦᠲᠦᠭᠡᠬᠦ ᠳᠤ ᠲᠦᠰᠢᠭᠯᠡᠨ᠎ᠡ᠃ ᠲᠤᠬᠠᠶᠢᠯᠠᠭᠰᠠᠨ ᠠᠵᠢᠯ ᠤᠨ ᠪᠠᠶᠢᠷᠢᠨ ᠠᠴᠠ ᠪᠠᠨ᠂ ᠡᠳᠦᠷ ᠳᠤᠳᠤᠮ ᠤᠨ ᠠᠮᠢᠳᠤᠷᠠᠯ ᠠᠴᠠ ᠪᠠᠨ ᠡᠬᠢᠯᠡᠨ᠂ ᠬᠥᠮᠦᠨ ᠨᠢᠭᠡᠪᠦᠷᠢ ᠬᠠᠨᠴᠤᠢ ᠰᠢᠮᠠᠯᠠᠨ ᠴᠢᠷᠮᠠᠶᠢᠨ ᠠᠵᠢᠯᠯᠠᠬᠤ ᠤᠷᠮ᠎ᠠ ᠵᠣᠷᠢᠭ ᠬᠦᠴᠦ ᠪᠠᠨ ᠪᠠᠳᠠᠷᠠᠭᠤᠯᠤᠨ᠂ ᠥᠪᠡᠷ ᠢ ᠪᠠᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠤᠷᠤᠰᠬᠠᠯ ᠳᠤ ᠣᠷᠣᠯᠴᠠᠭᠤᠯᠵᠤ ᠲᠡᠦᠬᠡ ᠶᠢ ᠡᠭᠦᠳᠦᠨ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠷᠡᠭᠡᠳᠦᠢ ᠪᠠᠨ ᠬᠦᠰᠡᠨ ᠮᠥᠷᠥᠭᠡᠳᠪᠡᠯ ᠵᠣᠬᠢᠮᠤᠢ᠃    ᠠᠷᠠᠳ ᠤᠯᠠᠨ ᠢᠳᠡᠪᠬᠢᠲᠡᠢ ᠣᠷᠣᠯᠴᠠᠵᠤ᠂ ᠨᠠᠮ ᠤᠨ ᠭᠡᠰᠢᠭᠦᠨ ᠺᠠᠳ᠋ᠷᠴᠤᠳ ᠨᠡᠩ ᠴᠤ ᠲᠦᠷᠦᠭᠦᠯᠡᠨ ᠤᠷᠤᠭᠰᠢᠯᠠᠪᠠᠯ ᠵᠣᠬᠢᠮᠤᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠳᠤᠮᠳᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ ᠂ ᠵᠣᠷᠢᠭᠲᠠᠢ ᠪᠠᠷ ᠣᠯᠠᠨ ᠤ ᠡᠮᠦᠨ᠎ᠡ ᠭᠠᠪᠰᠢᠭᠠᠶᠢᠯᠠᠨ᠂ ᠠᠷᠠᠳ ᠲᠦᠮᠡᠨ ᠳᠤ ᠬᠡᠳᠦ᠋ᠢᠴᠢᠨᠡᠭᠡᠨ ᠤᠯᠠᠨ ᠰᠠᠶᠢᠨ ᠠᠵᠢᠯ ᠪᠣᠲᠠᠳᠤ ᠠᠵᠢᠯ ᠬᠢᠭᠰᠡᠨ ᠢᠶᠠᠷ ᠢᠶᠠᠨ ᠵᠠᠰᠠᠭ ᠤᠨ ᠠᠵᠢᠯ ᠤᠨ ᠪᠦᠲᠦᠮᠵᠢ ᠪᠠᠨ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠵᠠᠰᠠᠭ ᠤᠨ ᠠᠵᠢᠯ ᠤᠨ ᠬᠠᠮᠤᠭ ᠤᠨ ᠴᠢᠬᠤᠯᠠ ᠪᠦᠲᠦᠮᠵᠢ ᠪᠣᠯᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠪᠥᠭᠡᠳ ᠨᠠᠷᠢᠯᠢᠭ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠪᠠᠯ ᠵᠣᠬᠢᠮᠤᠢ᠃    ᠥᠭᠡᠷᠡᠴᠢᠯᠡᠯᠲᠡ ᠶᠢᠨ ᠲᠥᠯᠥᠭᠡ ᠬᠠᠮᠲᠤ ᠪᠠᠷ ᠠᠷᠭ᠎ᠠ ᠪᠣᠳᠣᠯᠴᠠᠵᠤ᠂ ᠥᠭᠡᠷᠡᠴᠢᠯᠡᠯᠲᠡ ᠶᠢᠨ ᠲᠥᠯᠥᠭᠡ ᠬᠠᠮᠲᠤ ᠪᠠᠷ ᠬᠦᠴᠦ ᠭᠠᠷᠭᠠᠵᠠᠭᠠᠶ᠎ᠠ᠃ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠦᠷᠢᠮᠦᠰᠦᠨ ᠬᠦᠨᠳᠦᠳᠬᠡᠵᠦ᠂ ᠦᠵᠦ ᠲᠥᠯᠥᠪᠯᠡᠭᠡ ᠶᠢ ᠴᠢᠩᠭᠠᠳᠬᠠᠬᠤ ᠪᠠᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠬᠤ ᠲᠠᠢ ᠨᠢᠭᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠨ᠂ ᠤᠯᠠᠨ ᠲᠦᠮᠡᠨ ᠤ ᠦᠢᠯᠡᠳᠦᠯᠭᠡ ᠠᠴᠠ ᠤᠶᠤᠨ ᠤᠬᠠᠭᠠᠨ᠂ ᠬᠦᠴᠦᠨ ᠴᠢᠳᠠᠯ ᠬᠢᠭᠡᠳ ᠠᠷᠭ᠎ᠠ ᠪᠠᠷᠢᠯ ᠢ ᠨᠢ ᠠᠪᠴᠤ᠂ ᠠᠷᠠᠳ ᠤᠯᠠᠨ ᠤ ᠥᠭᠡᠷᠡᠴᠢᠯᠡᠯᠲᠡ ᠳᠤ ᠣᠷᠣᠯᠴᠠᠬᠤ ᠪᠠ ᠥᠭᠡᠷᠡᠴᠢᠯᠡᠯᠲᠡ ᠶᠢ ᠠᠬᠢᠭᠤᠯᠬᠤ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠢ ᠲᠠᠰᠤᠷᠠᠯᠳᠠ ᠦᠭᠡᠢ ᠬᠦᠭᠵᠢᠭᠡᠪᠡᠯ ᠵᠣᠬᠢᠮᠤᠢ᠃ ᠬᠥᠮᠦᠨ ᠪᠦᠬᠦᠨ ᠥᠭᠡᠷᠡᠴᠢᠯᠡᠯᠲᠡ ᠳᠤ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠪᠠᠷ ᠴᠢᠷᠮᠠᠶᠢᠪᠠᠰᠤ ᠠᠤᠭ᠎ᠠ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠵᠤ ᠴᠢᠳᠠᠮᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ