ᠭᠤᠷᠪᠠᠨ ᠮᠤᠵᠢ ᠣᠷᠣᠨ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠭᠦᠯᠬᠦ ᠪᠦᠳᠦᠭᠦᠪᠴᠢ ᠵᠥᠪᠯᠡᠯᠴᠡᠭᠡᠷ︾ ᠲᠣᠭᠲᠠᠪᠠ
ᠨᠡᠶᠢᠲᠡᠯᠡᠭᠰᠡᠨ ᠴᠠᠭ᠄
2024/9/3
    ᠣᠶᠢᠷ᠎ᠠ ᠳᠤ᠂ ᠥᠪᠥᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠣᠵᠢ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠭᠦᠯᠬᠦ ᠬᠠᠮᠲᠤᠷᠠᠭᠰᠠᠨ ᠬᠤᠷᠠᠯᠳᠤᠭᠠᠨ ᠢ ᠱᠠᠨᠰᠢ ᠮᠣᠵᠢ ᠶᠢᠨ ᠢᠦᠢ ᠯᠢᠨ ᠬᠤᠲᠠ ᠳᠤ ᠬᠤᠷᠠᠯᠳᠤᠭᠤᠯᠵᠤ᠂ ᠭᠤᠷᠪᠠᠨ ᠲᠠᠯ᠎ᠠ ᠪᠠᠷ ᠢᠶᠠᠨ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠭᠦᠯᠬᠦ ᠪᠦᠳᠦᠭᠦᠪᠴᠢ ᠵᠥᠪᠯᠡᠯᠴᠡᠭᠡᠷ︾ ᠢ ᠬᠠᠮᠲᠤ ᠪᠠᠷ ᠲᠣᠭᠲᠠᠭᠠᠪᠠ᠃    ᠵᠥᠪᠯᠡᠯᠴᠡᠭᠡᠷ ᠲᠤ ᠳᠤᠷᠠᠳᠤᠭᠰᠠᠨ ᠢᠶᠠᠷ᠂ ᠥᠪᠥᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠣᠷᠣᠨ ᠨᠢ ᠤᠯᠤᠰ ᠤᠨ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠪᠠᠷ ᠬᠠᠮᠲᠤ ᠪᠠᠷ ᠴᠢᠷᠮᠠᠶᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠬᠦᠴᠦᠨ ᠨᠡᠮᠡᠷᠢᠯᠡᠨ᠎ᠡ︔ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠡᠨᠧᠷᠭᠢ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ︔ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠠᠮᠵᠢᠯᠴᠠᠨ ᠬᠥᠭᠵᠢᠭᠦᠯᠵᠦ᠂ ᠳᠡᠭᠡᠳᠦ ᠳᠣᠣᠷᠠᠳᠤ ᠬᠡᠯᠬᠢᠶᠡᠨ ᠳᠠᠬᠢ ᠬᠤᠯᠪᠣᠭᠠᠯᠠᠨ ᠬᠥᠳᠡᠯᠦᠯᠴᠡᠭᠰᠡᠨ᠂ ᠪᠦᠬᠦ ᠬᠡᠯᠬᠢᠶᠡᠨ ᠤ ᠪᠠᠶᠢᠷᠢᠰᠢᠭᠤᠯᠤᠯᠲᠠ ᠶᠢ ᠪᠡᠶᠡᠯᠡᠭᠦᠯᠦᠨ᠎ᠡ︔ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠬᠠᠮᠵᠢᠯᠴᠠᠨ ᠠᠬᠢᠭᠤᠯᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠶᠡᠭᠡ ᠮᠡᠷᠭᠡᠵᠢᠯ ᠳᠤ ᠬᠤᠯᠪᠣᠭᠠᠯᠠᠨ ᠰᠢᠪᠲᠤᠯᠤᠯᠲᠠ ᠬᠢᠬᠦ ᠵᠡᠷᠭᠡ ᠠᠵᠢᠯ ᠡᠭᠦᠷᠭᠡ ᠶᠢ ᠬᠠᠮᠲᠤ ᠪᠠᠷ ᠳᠡᠮᠵᠢᠵᠦ᠂ ᠬᠠᠳᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠣᠷᠣᠨ ᠪᠦᠰᠡ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠠᠮᠵᠢᠯᠴᠠᠭᠰᠠᠨ ᠬᠥᠭᠵᠢᠯᠲᠡ ᠳᠤ ᠬᠦᠴᠦ ᠪᠠᠨ ᠡᠷᠭᠦᠬᠦ ᠪᠣᠯᠣᠨ᠎ᠠ᠃    ︽ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠶᠠᠪᠤᠳᠠᠯ ᠨᠢ ᠭᠤᠷᠪᠠᠨ ᠮᠤᠵᠢ ᠣᠷᠣᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ᠂ ᠮᠠᠨ ᠤ ᠣᠷᠣᠨ ᠠᠬ᠎ᠠ ᠳᠡᠭᠦᠦ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠬᠢᠭᠡᠳ ᠴᠢᠨᠠᠷ ᠰᠠᠶᠢᠲᠠᠢ ᠬᠥᠭᠵᠢᠬᠦ ᠶᠢ ᠬᠠᠮᠲᠤ ᠪᠠᠷ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃    ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠲᠠᠨᠢᠯᠴᠠᠭᠤᠯᠤᠭᠰᠠᠨ ᠤ ᠬᠠᠮᠲᠤ᠂ ᠭᠤᠷᠪᠠᠨ ᠮᠤᠵᠢ ᠣᠷᠣᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠴᠢᠩᠭᠠᠳᠬᠠᠬᠤ ᠳᠤ ᠨᠡᠭᠡᠭᠡᠯᠲᠡ ᠶᠢ ᠬᠠᠮᠲᠤ ᠪᠠᠷ ᠠᠬᠢᠭᠤᠯᠬᠤ᠂ ᠬᠠᠮᠵᠢᠯᠴᠠᠨ ᠬᠥᠭᠵᠢᠬᠦ ᠲᠣᠭᠲᠠᠴᠠ ᠶᠢ ᠰᠦᠪᠡᠭᠴᠢᠯᠡᠬᠦ᠂ ᠰᠢᠨ᠎ᠡ ᠡᠭᠦᠳᠦᠯᠲᠡ ᠶᠢᠨ ᠬᠦᠴᠦᠨ ᠵᠦᠢᠯ ᠤᠨ ᠠᠭᠤᠰᠤᠯᠴᠠᠯ ᠢ ᠠᠬᠢᠭᠤᠯᠬᠤ ᠵᠡᠷᠭᠡ ᠰᠠᠨᠠᠭᠤᠯᠭ᠎ᠠ ᠳᠤᠷᠠᠳᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ