ᠵᠥᠩ ᠾᠧ ᠪᠠᠯᠭᠠᠰᠤ᠄ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/9/3
    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ  ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ  ᠶᠢ ᠦᠨᠡᠨᠬᠦ ᠰᠠᠶᠢᠨ ᠬᠢᠬᠦ ᠶᠢᠨ ᠲᠦᠯᠦᠭᠡ᠂ ᠥᠷᠭᠡᠨ ᠤᠯᠠᠨ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠵᠤ᠂ ᠤᠢᠢᠷ᠎ᠠ ᠶᠢᠨ ᠡᠳᠦᠷ ᠤᠳ ᠲᠤ ᠂ ᠵᠦᠩ ᠾᠧ ᠪᠠᠯᠭᠠᠰᠤᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠤᠨ ᠬᠢᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠪᠠᠶᠢᠴᠠᠭᠠᠯᠲᠠ ᠵᠢᠴᠢ ᠪᠦᠲᠦᠭᠡᠭᠳᠡᠬᠦᠨ ᠤ ᠦᠯᠢᠬᠡᠷ ᠠᠪᠴᠤ ᠰᠢᠯᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠬᠠᠮᠲᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠬᠢᠵᠡᠢ᠃    ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶᠠᠲᠤ ᠣᠷᠣᠨ ᠤ ᠵᠢᠮᠢᠰ ᠢᠳᠡᠰᠢᠨ ᠨᠣᠭᠤᠭ᠎ᠠ ᠶᠢᠨ ᠬᠡᠳᠦ ᠳᠡᠯᠭᠡᠭᠦᠷ ᠲᠤ ᠭᠦᠨᠵᠡᠭᠡᠶᠢᠷᠡᠵᠦ᠂ ᠡᠵᠡᠩᠨᠡᠯᠲᠡ ᠶᠢᠨ ᠣᠷᠴᠢᠨ ᠲᠣᠭᠤᠷᠢᠨ᠂ ᠦᠨ᠎ᠡ ᠬᠠᠩᠰᠢ ᠶᠢᠨ ᠱᠣᠰᠢᠭ᠎ᠠ ᠶᠢᠨ ᠬᠡᠷᠡᠭᠯᠡᠯᠲᠡ ᠨᠢ ᠵᠢᠷᠤᠮᠵᠢᠭᠤᠨ ᠡᠰᠡᠬᠦ᠂ ᠡᠵᠡᠩᠨᠡᠯᠲᠡ ᠬᠠᠮᠢᠶᠠᠷᠤᠯᠲᠠ ᠶᠢᠨ ᠲᠦᠷᠢᠮ ᠨᠢ ᠪᠦᠷᠢᠨ ᠲᠡᠭᠦᠯᠳᠡᠷ ᠪᠠᠶᠢᠬᠤ ᠡᠰᠡᠬᠦ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭᠠᠲᠠᠨ ᠯᠤᠭ᠎ᠠ ᠭᠦᠨᠵᠡᠭᠡᠶ ᠰᠣᠯᠢᠯᠴᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠶᠢᠨ ᠲᠡᠮᠳᠡᠭᠯᠡᠯ ᠤᠨ ᠬᠦᠰᠦᠨᠦᠭᠲᠦ ᠶᠢ ᠨᠠᠷᠢᠨ ᠲᠣᠳᠣᠷᠬᠠᠶ ᠲᠠᠭᠯᠠᠨ ᠪᠢᠴᠢᠬᠦ ᠶᠢᠨ ᠬᠠᠮᠲᠤ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠶᠢ ᠢᠳᠡᠪᠬᠢᠲᠡᠶ ᠤᠬᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠬᠤᠯᠠᠴᠢᠯᠠᠬᠤ ᠬᠡᠮᠵᠢᠶ᠎ᠡ ᠶᠢ  ᠳᠡᠭᠡᠭᠰᠢᠯᠡᠭᠦᠯᠪᠡ᠃    ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠬᠡᠲᠦ ᠳᠡᠯᠭᠡᠭᠦᠷ ᠲᠤ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠮᠠᠭᠤᠲᠠᠶ᠂ ᠲᠠᠷᠢᠶᠠᠨ ᠡᠮ ᠤᠨ ᠪᠠᠷᠢᠮᠵᠢᠶ᠎ᠠ ᠠᠴᠠ ᠬᠡᠲᠦᠷᠡᠭᠰᠡᠨ ᠢᠳᠡᠭᠡᠨ ᠪᠠᠶᠢᠬᠤ ᠡᠰᠡᠬᠦ ᠵᠢᠴᠢ ᠠᠮᠢᠳᠤ ᠭᠠᠭ᠋ᠠᠶ ᠶᠢᠨ ᠮᠢᠬᠠᠨ ᠤ ᠢᠳᠡᠭᠡᠨ ᠤ ᠳᠡᠯᠭᠡᠭᠦᠷ ᠤᠨ ᠭᠠᠭ᠋ᠠᠶ ᠶᠢᠨ ᠮᠢᠬᠠᠨ ᠳᠤ ᠬᠢᠵᠢᠭ ᠤᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠭᠤᠣᠯᠳᠠᠭᠤ ᠪᠤᠷᠴᠠᠭ᠂ ᠥᠷᠭᠡᠰᠦᠲᠦ ᠬᠡᠮᠬᠡ᠂ ᠰᠣᠩᠭᠢᠨ᠎ᠠ᠂ ᠦᠨᠦᠷᠲᠦ ᠨᠣᠭᠤᠭ᠎ᠠ᠂ ᠰᠢᠷ᠎ᠠ ᠯᠤᠤᠪᠠᠩ ᠵᠡᠷᠭᠡ ᠵᠠᠬ᠎ᠠ ᠳᠡᠯᠭᠡᠭᠦᠷ ᠲᠤ ᠭᠠᠷᠴᠤ ᠪᠠᠶᠢᠭ᠎ᠠ ᠢᠳᠡᠰᠢᠨ ᠨᠣᠭᠤᠭ᠎ᠠ ᠶᠢᠨ ᠦᠯᠢᠭᠡᠷ ᠡᠳ᠋ ᠢ ᠰᠣᠩᠭᠤᠨ ᠠᠪᠴᠤ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠲᠦᠷᠭᠡᠨ ᠬᠡᠮᠵᠢᠯᠲᠡ ᠶᠢᠨ ᠲᠤᠷᠰᠢᠯᠲᠠ ᠬᠢᠵᠡᠶ᠃ ᠰᠢᠯᠭᠠᠨ ᠪᠠᠶᠢᠴᠠᠭᠠᠭᠰᠠᠨ ᠤ ᠳ᠋ᠦᠩ ᠳᠤ ᠴᠥᠮ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠦᠵᠡᠭᠳᠡᠯ ᠭᠠᠷᠤᠭᠰᠠᠨ ᠦᠭᠡᠶ᠂ ᠡᠨᠡ ᠨᠢ ᠪᠣᠷᠣᠯᠠᠭᠤᠯᠭ᠎ᠠ ᠶᠢᠨ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠃    ᠣᠲᠣ ᠪᠣᠯᠲᠠᠯ᠎ᠠ᠂ ᠵᠥᠩ ᠾᠧ ᠪᠠᠯᠭᠠᠰᠤ ᠨᠢᠭᠡᠨᠲᠡ 280 ᠭᠠᠷᠤᠶ ᠪᠦᠯᠦᠭ ᠤᠳᠠᠭ᠎ᠠ ᠶᠢᠨ ᠥᠯᠢᠭᠡᠷ ᠡᠳ᠋ ᠢ ᠪᠠᠶᠢᠴᠠᠭᠠᠨ ᠰᠢᠯᠭᠠᠬᠤ ᠠᠵᠢᠯ ᠢ ᠪᠡᠶᠡᠯᠡᠭᠦᠯᠵᠦ᠂ ᠪᠥᠬᠦ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠠᠩᠬᠠᠳᠠᠭᠴᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠥᠩ ᠾᠧ ᠪᠠᠯᠭᠠᠰᠤ ︽ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠴᠠᠭ ᠲᠤᠬᠠᠶ ᠳᠤᠨᠢ᠂ ᠣᠨᠣᠪᠴᠢᠲᠠᠶ︾ ᠭᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠰᠢᠯᠭᠠᠬᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠷᠢᠶᠠᠲᠤ ᠣᠷᠣᠨ ᠤ ᠪᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠠᠮᠠᠭᠠᠯᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ