ᠡᠶᠢᠮᠦ ᠵᠢᠮᠢᠰ ᠢ ᠢᠯᠡᠭᠦᠦ ᠢᠳᠡᠪᠡᠯ ᠶᠡᠭᠡ ᠲᠠᠷᠢᠬᠢ ᠨᠠᠩ ᠵᠠᠯᠠᠭᠤᠵᠢᠨ᠎ᠠ︕ ᠣᠨᠴᠠᠭᠠᠶᠢᠯᠠᠨ ᠡᠨᠡ ᠬᠡᠳᠦᠨ ᠵᠦᠢᠯ ᠤᠨ ᠬᠢ ᠶᠢ ᠲᠠᠨᠢᠯᠴᠠᠭᠤᠯᠤᠶ᠎ᠠ︕
ᠨᠡᠶᠢᠲᠡᠯᠡᠭᠰᠡᠨ ᠴᠠᠭ᠄
2024/9/4
    ︽ᠰᠢᠭᠦᠰᠦᠯᠢᠭ ᠵᠢᠮᠢᠰ︾ ᠢ ᠢᠯᠡᠭᠦᠦ ᠢᠳᠡᠪᠡᠯ ᠶᠡᠭᠡ ᠲᠠᠷᠢᠬᠢ ᠨᠡᠩ ᠵᠠᠯᠠᠭᠤᠵᠢᠨ᠎ᠠ︕ 7 ᠰᠠᠷ᠎ᠠ ᠶᠢᠨ 10 ᠤ ᠡᠳᠦᠷ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠰᠤᠳᠤᠯᠭᠠᠲᠠᠳ ︽ᠰᠢᠮ᠎ᠡ ᠲᠡᠵᠢᠭᠡᠯ ᠤᠨ ᠤᠬᠠᠭᠠᠨ ᠤ ᠬᠤᠰᠢᠭᠤᠷᠠᠯ︾ ᠲᠤ ᠨᠡᠶᠢᠲᠡᠯᠡᠭᠰᠡᠨ ᠨᠢᠭᠡᠨ ᠰᠤᠳᠤᠯᠭᠠᠨ ᠳᠤ᠂ ᠰᠢᠭᠦᠰᠦᠯᠢᠭ ᠵᠢᠮᠢᠰ ᠢᠯᠡᠭᠦᠦ ᠢᠳᠡᠬᠦ᠂ ᠣᠨᠴᠠᠭᠠᠶᠢᠯᠠᠨ ᠡᠳᠦᠷ ᠪᠦᠷᠢ 100 ᠠᠴᠠ 200 ᠭᠷᠠᠮ ᠦᠵᠦᠮ ᠢᠳᠡᠪᠡᠯ ᠬᠥᠮᠦᠰ ᠤᠨ ᠲᠠᠨᠢᠨ ᠮᠡᠳᠡᠬᠦᠶ ᠶᠢᠨ ᠴᠢᠳᠠᠮᠵᠢ ᠶᠢ ᠬᠠᠮᠠᠭᠠᠯᠠᠬᠤ ᠳᠤ ᠠᠰᠢᠭᠲᠠᠶ ᠪᠠᠶᠢᠳᠠᠭ᠃ ᠰᠤᠳᠤᠯᠭᠠᠨ ᠤ ᠦᠷ᠎ᠡ ᠳ᠋ᠦᠩ ᠠᠴᠠ᠂ ᠪᠤᠰᠤᠳᠴᠢ ᠲᠠᠨᠢᠨ ᠮᠡᠳᠡᠬᠦᠶ ᠨᠢ ᠬᠤᠬᠢᠷᠠᠯ ᠳᠤ ᠤᠴᠠᠷᠠᠭᠰᠠᠨ ᠥᠬᠡᠶ ᠳᠤᠭᠤᠶᠢᠯᠠᠩ ᠤᠨ ᠲᠤᠳᠤᠷᠠᠬᠢ ᠰᠢᠭᠦᠰᠦᠯᠢᠭ ᠵᠢᠮᠢᠰ ᠢᠳᠡᠬᠦ ᠳᠤᠷ᠎ᠠ ᠥᠬᠡᠶ ᠬᠥᠮᠦᠨ ᠢ ᠰᠢᠭᠦᠰᠦᠯᠢᠭ ᠵᠢᠮᠢᠰ ᠢᠳᠡᠬᠦ ᠳᠤᠷᠠᠲᠠᠶ ᠬᠥᠮᠦᠨ ᠲᠠᠢ ᠬᠠᠷᠢᠴᠠᠭᠤᠯᠤᠬᠰᠠᠨ ᠳᠤ ᠲᠠᠨᠢᠨ ᠮᠡᠳᠡᠬᠦᠶ ᠶᠢᠨ ᠰᠠᠭᠠᠳ ᠭᠠᠷᠬᠤ ᠲᠦᠭᠰᠢᠭᠦᠷᠢ ᠨᠢ 46% ᠪᠠᠷ ᠪᠠᠭᠤᠷᠠᠬᠰᠠᠨ ᠢ ᠤᠯᠵᠤ ᠮᠡᠳᠡᠵᠡᠢ ᠬᠡᠪᠡ᠃    ᠵᠦᠢᠯ ᠪᠦᠷᠢ ᠶᠢᠨ ᠰᠢᠭᠦᠰᠦᠯᠢᠭ ᠵᠢᠮᠢᠰ ᠤᠨ ᠲᠤᠳᠤᠷ᠎ᠠ ᠣᠨᠴᠠᠭᠠᠶᠢᠯᠠᠨ ᠡᠨᠡ ᠬᠡᠳᠦᠨ ᠵᠦᠢᠯ ᠤᠨ ᠬᠢ ᠶᠢ ᠲᠠᠨᠢᠯᠴᠠᠭᠤᠯᠤᠶ᠎ᠠ︕    1. ᠭᠦᠵᠡᠯᠵᠡᠭᠡᠨ᠎ᠡ — ᠤᠰᠤ ᠨᠥᠬᠦᠪᠥᠷᠢᠯᠡᠬᠦ ᠰᠢᠯᠢᠳᠡᠭ ᠬᠠᠪᠰᠤᠷᠤᠭᠴᠢ ᠶᠤᠮ    2. ᠵᠡᠯᠡᠲᠦ ᠵᠢᠮᠢᠰᠭᠡᠨ᠎ᠡ — ᠢᠰᠦᠯᠳᠦᠬᠦ ᠶᠢ ᠡᠰᠡᠷᠭᠦᠴᠡᠬᠦ ᠴᠢᠳᠠᠪᠤᠷᠢᠲᠠᠨ ᠶᠤᠮ    3. ᠬᠥᠬᠡ ᠵᠢᠮᠢᠰᠭᠡᠨ᠎ᠡ — ᠴᠡᠴᠡᠭ ᠤᠨ ᠬᠥᠬᠡ ᠡᠳ᠋ ᠤᠨ ᠨᠡᠶᠢᠲᠡᠯᠢᠭ ᠲᠥᠯᠥᠭᠡᠯᠡᠭᠴᠢ ᠶᠤᠮ    4. ᠦᠵᠦᠮ — ᠴᠡᠴᠡᠭ ᠤᠨ ᠬᠥᠬᠡ ᠡᠳ᠋ ᠤᠨ ᠨᠡᠶᠢᠲᠡᠯᠢᠭ ᠲᠥᠯᠥᠭᠡᠯᠡᠭᠴᠢ ᠶᠤᠮ    5. ᠲᠣᠰᠢᠯᠤᠭ — ᠸᠢᠲ᠋ᠠᠮᠢᠨ C ᠶᠢᠨ ᠠᠭᠤᠯᠤᠭᠳᠠᠴᠠ ᠪᠠᠷ ᠥᠨᠳᠥᠷ ᠪᠠᠶᠢᠳᠠᠭ    6. ᠤᠳᠤᠮᠪᠠᠷᠠ ᠵᠢᠮᠢᠰ᠄ ᠣᠯᠠᠨ ᠵᠦᠢᠯ ᠤᠨ ᠰᠢᠮ᠎ᠡ ᠲᠡᠵᠢᠭᠡᠯᠲᠦ ᠡᠳ᠋ ᠠᠭᠤᠯᠤᠬᠳᠠᠵᠤ ᠪᠠᠶᠢᠳᠠᠭ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ