ᠬᠡᠦᠬᠡᠳ ᠲᠤ ᠡᠨᠡ ᠶᠠᠭᠤᠮ᠎ᠠ ᠶᠢ ᠪᠤᠤ ᠬᠡᠷᠡᠭᠯᠡ︕
ᠨᠡᠶᠢᠲᠡᠯᠡᠭᠰᠡᠨ ᠴᠠᠭ᠄
2024/9/4
    ᠠᠭᠠᠭᠢᠮ᠎ᠠ ᠬᠠᠯᠠᠭᠤᠨ ᠪᠤᠯᠵᠤ ᠪᠠᠶᠢᠭ᠎ᠠ ᠲᠠᠰᠢᠷᠡᠮ ᠢᠶᠠᠷ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠳᠡᠯᠡᠯ ᠨᠡᠶᠢᠳᠡᠯᠡᠵᠦ ᠰᠠᠨᠠᠭᠤᠯᠬᠤ ᠳᠠᠭᠠᠨ᠂ ᠬᠡᠦᠬᠡᠳ ᠪᠠᠭᠠᠴᠤᠳ ᠤᠨ ᠡᠯ᠎ᠡ ᠲᠠᠯ᠎ᠠ ᠶᠢᠨ ᠪᠤᠶᠢᠵᠢᠯᠲᠠ ᠨᠢ ᠪᠦᠷᠢᠨ ᠪᠦᠷᠢᠯᠳᠦᠭᠡᠳᠦᠢ᠂ ᠠᠮᠢᠰᠬᠤᠯ ᠢ ᠡᠵᠡᠮᠳᠡᠬᠦ ᠴᠢᠳᠠᠪᠤᠷᠢ ᠨᠢ ᠨᠡᠯᠢᠶᠡᠳ ᠪᠠᠭᠤᠷᠠᠶ ᠪᠣᠯᠬᠤᠷ ᠰᠢᠷᠠᠭᠳᠠᠬᠤ ᠠᠴᠠ ᠰᠡᠷᠭᠡᠶᠢᠯᠡᠬᠦ ︽ᠰᠦᠷᠴᠢᠮᠡᠯ︾ ᠭᠤᠶᠣᠯᠠᠯ ᠤᠨ ᠡᠳ᠋ ᠢ ᠬᠡᠷᠡᠭᠯᠡᠬᠦ ᠶᠠᠪᠤᠴᠠ ᠳᠤ ᠰᠣᠷᠣᠵᠤ ᠣᠷᠣᠭᠤᠯᠬᠤ ᠠᠶᠤᠯ ᠲᠠᠢ ᠪᠠᠶᠢᠳᠠᠭ᠃    ᠡᠶᠢᠮᠦ ᠠᠴᠠ ᠬᠡᠦᠬᠡᠳ ᠨᠡᠷᠡᠨ ᠳᠤ ᠰᠢᠷᠠᠭᠳᠠᠬᠤ ᠠᠴᠠ ᠰᠡᠷᠭᠡᠶᠢᠯᠡᠬᠦ ︽ᠰᠦᠷᠴᠢᠮᠡᠯ︾ ᠭᠤᠶᠣᠯᠠᠯ ᠤᠨ ᠡᠳ᠋ ᠢ ᠬᠡᠷᠡᠭᠯᠡᠬᠦ ᠶᠢ ᠰᠠᠨᠠᠭᠠᠴᠢᠯᠠᠬᠤ ᠥᠬᠡᠶ᠂ ᠢᠯᠠᠩᠭᠤᠶ᠎ᠠ ᠪᠠᠭ᠎ᠠ ᠨᠠᠰᠤᠨ ᠤ ᠬᠡᠦᠬᠡᠳ ᠪᠠ ᠬᠠᠷᠰᠢᠮᠠᠲᠠᠭᠠᠶ ᠪᠡᠶ᠎ᠡ ᠮᠠᠬᠠᠪᠣᠳ ᠲᠠᠢ ᠬᠡᠦᠬᠡᠳ ᠨᠢ ᠠᠮᠠᠷᠬᠠᠨ ᠶᠡᠭᠡ ᠪᠠᠷ ᠬᠠᠨᠢᠶᠠᠯᠭᠠᠬᠤ ᠪᠤᠶᠤ ᠠᠮᠢᠰᠬᠤᠭᠠᠳᠠᠳᠠᠭ ᠪᠤᠯᠬᠤᠷ ᠬᠡᠷᠡᠭᠯᠡᠬᠦ ᠶᠢ ᠰᠠᠨᠠᠭᠠᠴᠢᠯᠠᠬᠤ ᠥᠬᠡᠶ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ