ᠨᠢᠭᠡ ᠳᠤ᠂ ᠴᠠᠭ ᠦᠶ᠎ᠡ ᠲᠠᠢ ᠴᠤᠭ ᠢᠶᠠᠨ ᠳᠠᠪᠰᠢᠨ ︽ᠳᠦᠷᠢᠮ ᠲᠣᠭᠲᠠᠭᠠᠯ ᠳᠤ ᠵᠠᠰᠠᠪᠤᠷᠢ ᠣᠷᠤᠭᠤᠯᠪᠠ︾᠃ 55 ᠶᠡᠭᠡ ᠳᠡᠭᠡᠳᠦ ᠰᠤᠷᠭᠠᠭᠤᠯᠢ ᠶᠢᠨ | ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠵᠤ ᠬᠠᠷᠭᠤᠭᠤᠯᠤᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠤ | ᠲᠠᠨᠢᠯᠴᠠᠭᠤᠯᠤᠭᠰᠠᠨ ᠣᠷᠣᠨ ᠤ ᠭᠠᠳᠠᠨᠠᠬᠢ 10 ᠲᠤᠰᠬᠠᠢ ᠮᠡᠷᠭᠡᠵᠢᠯᠲᠡᠳ ᠢᠶᠠᠷ ᠪᠦᠷᠢᠯᠳᠦᠭᠰᠡᠨ ᠬᠢᠨᠠᠨ ᠬᠠᠷᠭᠤᠭᠤᠯᠬᠤ ᠳᠤᠭᠤᠶᠢᠯᠠᠩ ᠤᠨ ᠬᠢᠨ ᠨᠡᠶᠢᠳᠡ 1500 | ᠭᠠᠷᠤᠢ ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠳᠤᠷᠠᠳᠤᠨ ᠭᠠᠷᠭᠠᠵᠤ᠂ 95% ᠠᠴᠠ ᠳᠡᠭᠡᠭᠰᠢᠬᠢ ᠶᠢ ᠨᠢ ᠬᠡᠷᠡᠭᠯᠡᠭᠰᠡᠨ ᠪᠥᠭᠡᠳ᠂ ᠡᠯ᠎ᠡ ᠰᠤᠷᠭᠠᠭᠤᠯᠢ ᠶᠢᠨ | ᠤᠶᠤᠨ ᠰᠠᠨᠠᠭᠠᠨ ᠤ ᠳᠣᠲᠣᠭᠠᠳᠤ ᠴᠥᠮ᠎ᠡ᠂ ᠰᠤᠷᠭᠠᠭᠤᠯᠢ ᠡᠷᠬᠢᠯᠡᠬᠦ ᠳᠠᠪᠠᠭᠤᠯᠢᠭ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠯᠤᠭ᠎ᠠ ᠠᠪᠴᠠᠯᠳᠤᠭᠤᠯᠵᠤ᠂ ︽ᠨᠢᠭᠡ | ᠰᠤᠷᠭᠠᠭᠤᠯᠢ ᠳᠤ ᠨᠢᠭᠡ ᠥᠪᠡᠷᠮᠢᠴᠡ ᠣᠨᠴᠠᠯᠢᠭ ᠲᠠᠢ ᠪᠠᠶᠢᠬᠤ︾ ᠶᠢ ᠪᠡᠶᠡᠯᠡᠭᠦᠯᠪᠡ᠃ ᠬᠤᠶᠠᠷ ᠲᠤ᠂ ︽ᠬᠠᠤᠯᠢ ᠰᠤᠷᠤᠯᠴᠠᠬᠤ︾ ᠯᠤᠭ᠎ᠠ ᠴᠠᠭ ᠲᠤᠬᠠᠢ ᠳᠤ ᠨᠢ | ᠲᠠᠭᠠᠨ ᠤᠷᠤᠭᠰᠢᠯᠠᠪᠠ᠃ ᠡᠯ᠎ᠡ ᠰᠤᠷᠭᠠᠭᠤᠯᠢ ᠰᠦᠯᠵᠢᠶᠡᠨ ᠤ ᠥᠷᠲᠡᠭᠡ᠂ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ | ᠲᠠᠪᠴᠠᠩ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠢᠮ ᠲᠣᠭᠲᠠᠭᠠᠯ ᠢ ᠨᠡᠶᠢᠲᠡᠯᠡᠵᠦ᠂ ᠡᠯ᠎ᠡ ᠰᠤᠷᠭᠠᠭᠤᠯᠢ ᠨᠢ ᠲᠦᠷᠢᠮ ᠲᠣᠭᠲᠠᠭᠠᠯ ᠢᠶᠠᠨ ᠬᠠᠤᠯᠢ | ᠰᠤᠷᠤᠯᠴᠠᠬᠤ ᠨᠠᠷᠢᠨ ᠲᠠᠩᠰᠠ ᠳᠤ ᠣᠷᠣᠭᠤᠯᠵᠤ᠂ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ᠂ ᠲᠦᠷᠢᠮ ᠲᠣᠭᠲᠠᠭᠠᠯ ᠶᠣᠰᠣᠭᠠᠷ ᠰᠤᠷᠭᠠᠭᠤᠯᠢ ᠶᠢ ᠵᠠᠰᠠᠬᠤ | ᠦᠵᠡᠯ ᠤᠬᠠᠮᠰᠠᠷ ᠪᠠ ᠥᠪᠡᠷ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠲᠦᠷᠢᠮ ᠯᠦᠭᠡ ᠢᠵᠢ ᠪᠥᠷᠢᠳᠦᠭᠰᠡᠨ ︽ | ᠲᠣᠭᠲᠠᠯᠴᠠᠭ᠎ᠠ ᠶᠢ ᠪᠠᠶᠢᠭᠤᠯᠪᠠ︾᠃ ᠡᠯ᠎ᠡ ᠰᠤᠷᠭᠠᠭᠤᠯᠢ ᠶᠢ ᠵᠢᠭᠠᠨ ᠵᠢᠯᠣᠭᠤᠳᠴᠤ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠯᠭᠠᠭᠰᠠᠨ ᠤ ᠬᠠᠮᠲᠤ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ᠂ ᠳᠣᠲᠣᠭᠠᠳᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ | ᠳᠦᠷᠢᠮᠯᠡᠯ᠂ ᠬᠡᠷᠡᠭ ᠵᠥᠪᠯᠡᠬᠦ ᠳᠦᠷᠢᠮᠯᠡᠯ ᠵᠡᠷᠭᠡ ᠶᠢ ᠪᠠᠶᠢᠭᠤᠯᠤᠨ ᠪᠦᠷᠢᠨᠰᠢᠭᠦᠯᠵᠦ᠂ ᠪᠦᠷᠢᠨ ᠲᠡᠭᠦᠯᠳᠡᠷ᠂ ᠵᠢᠷᠤᠮᠵᠢᠭᠰᠠᠨ᠂ ᠨᠢᠭᠡᠳᠦᠯᠲᠡᠶ ᠳᠦᠷᠢᠮ ᠤᠨ | ᠲᠣᠭᠲᠠᠯᠴᠠᠭ᠎ᠠ ᠶᠢ ᠪᠦᠷᠢᠯᠳᠦᠭᠦᠯᠪᠡ᠃ ᠳᠥᠷᠪᠡ ᠳᠤ᠂ ︽ᠪᠣᠳᠠᠲᠠᠶ ᠪᠠᠶᠢᠴᠠᠭᠠᠨ ᠰᠢᠯᠭᠠᠬᠤ︾ ᠶᠢ ᠬᠡᠪ ᠤᠨ ᠪᠠᠶᠢᠳᠠᠯ ᠢᠶᠠᠷ ᠥᠷᠨᠢᠭᠦᠯᠪᠡ᠃ ᠶᠡᠭᠡ ᠳᠡᠭᠡᠳᠦ | ᠰᠤᠷᠭᠠᠭᠤᠯᠢ ᠶᠢᠨ ᠳᠦᠷᠢᠮ ᠲᠣᠭᠲᠠᠭᠠᠯ ᠢᠶᠠᠨ ᠬᠡᠷᠡᠭᠵᠢᠭᠦᠯᠦᠭᠰᠡᠨ ᠪᠠᠶᠢᠳᠠᠯ ᠢ ᠨᠢ ᠰᠤᠷᠭᠠᠨ ᠬᠥᠮᠥᠵᠢᠯ ᠤᠨ ᠰᠢᠮᠳᠠᠭᠤᠯᠤᠨ ᠵᠢᠯᠣᠭᠤᠳᠬᠤ᠂ ᠣᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠦᠨᠡᠯᠡᠬᠦ ᠪᠠᠷ ᠪᠠᠶᠢᠭᠤᠯᠬᠤ ᠶᠢ ᠠᠬᠢᠭᠤᠯᠬᠤ᠂ ᠦᠨᠡᠯᠡᠬᠦ ᠪᠠᠷ ᠰᠠᠶᠢᠵᠢᠷᠠᠭᠤᠯᠬᠤ ᠶᠢ | ᠠᠬᠢᠭᠤᠯᠬᠤ᠂ ᠦᠨᠡᠯᠡᠬᠦ ᠪᠠᠷ ᠬᠠᠮᠢᠶᠠᠷᠬᠤ ᠶᠢ ᠠᠬᠢᠭᠤᠯᠬᠤ᠂ ᠦᠨᠡᠯᠡᠬᠦ ᠪᠠᠷ ᠳᠡᠭᠡᠭᠰᠢᠯᠡᠭᠦᠯᠬᠦ ᠶᠢ ᠠᠬᠢᠭᠤᠯᠪᠠ︔ ᠴᠠᠭ ᠲᠤ ᠨᠢ ᠲᠣᠬᠢᠷᠠᠭᠤᠯᠤᠨ ᠭᠤᠷᠪᠠᠳᠠᠬᠢ | ᠡᠲᠡᠭᠡᠳ ᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠴᠠᠭ ᠲᠤᠬᠠᠢ ᠳᠤ ᠨᠢ ᠬᠡᠯᠪᠡᠷᠢᠯ ᠢ ᠨᠢ ᠵᠠᠯᠠᠷᠠᠭᠤᠯᠤᠨ ᠴᠢᠭᠯᠡᠯ ᠢ ᠨᠢ ᠵᠠᠯᠠᠵᠤ᠂ ᠶᠡᠭᠡ | ᠳᠡᠭᠡᠳᠦ ᠰᠤᠷᠭᠠᠭᠤᠯᠢ ᠨᠤᠭᠤᠳ ᠤᠨ ᠠᠭᠤᠯᠤᠭᠳᠠᠬᠤᠨᠲᠤ ᠬᠥᠭᠵᠢᠯᠲᠡ᠂ ᠣᠨᠴᠠᠯᠢᠭᠲᠤ ᠬᠥᠭᠵᠢᠯᠲᠡ᠂ ᠰᠢᠨ᠎ᠡ ᠡᠭᠦᠳᠦᠯᠲᠡ ᠲᠠᠢ ᠬᠥᠭᠵᠢᠯᠲᠡ ᠶᠢ ᠨᠢ ᠬᠥᠲᠥᠯᠥᠨ | ᠵᠢᠯᠣᠭᠤᠳᠪᠠ᠃ ︵ᠰᠤᠷᠭᠠᠨ ᠬᠥᠮᠦᠵᠢᠯ ᠤᠨ ᠲᠢᠩᠬᠢᠮ︶ |