ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠡᠷᠡᠮᠡᠬᠡᠶᠢᠯᠡᠨ ᠤᠷᠤᠭᠰᠢᠯᠠᠬᠤ · ᠴᠠᠭᠳᠠᠭ᠎ᠠ ᠶᠢᠨ ᠠᠭᠤᠯᠬᠤᠨ ᠤ ᠢᠷᠠᠭᠤ ᠬᠠᠭᠤᠳᠠᠰᠤ︾ ᠶᠢᠨ ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠢᠪᠡ
ᠨᠡᠶᠢᠲᠡᠯᠡᠭᠰᠡᠨ ᠴᠠᠭ᠄
2025/1/14
    ᠳᠠᠭᠤᠤ ᠶᠢᠨ ᠠᠶᠠᠰ ᠬᠠᠩᠭᠢᠨᠠᠮ᠎ᠠ  ᠴᠠᠭᠳᠠᠭ᠎ᠠ ᠶᠢᠨ ᠬᠦᠷᠢᠶᠡᠨ ᠤ ᠣᠮᠤᠭ ᠵᠣᠷᠢᠭ ᠢ ᠬᠥᠪᠴᠢᠯᠡᠵᠦ᠂ ᠲᠠᠩᠭᠠᠷᠢᠭ ᠤᠨ ᠵᠣᠷᠢᠭ ᠨᠢ ᠤᠷᠤᠭᠰᠢᠯᠠᠯᠲᠠ ᠶᠢᠨ ᠬᠦᠴᠦᠨ ᠢ ᠤᠷᠮᠠᠰᠢᠭᠤᠯᠤᠨ ᠵᠣᠷᠢᠭᠵᠢᠭᠤᠯᠵᠠᠢ᠃ ᠲᠦᠷᠦᠭᠦᠬᠡᠨ᠂ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠡᠷᠡᠮᠡᠬᠡᠶᠢᠯᠡᠨ ᠤᠷᠤᠭᠰᠢᠯᠠᠬᠤ · ᠴᠠᠭᠳᠠᠭ᠎ᠠ ᠶᠢᠨ ᠠᠭᠤᠯᠬᠤᠨ ᠤ ᠢᠷᠠᠭᠤ ᠬᠠᠭᠤᠳᠠᠰᠤ︾ ᠭᠡᠬᠦ ᠭᠤᠣᠯ ᠰᠡᠳᠦᠪᠲᠦ ᠤᠷᠠᠨ ᠰᠠᠶᠢᠬᠠᠨ ᠤ ᠦᠳᠡᠰᠢᠯᠡᠭᠡ ᠡᠷᠭᠢᠯᠡᠵᠦ᠂ ᠲᠠᠪᠤᠳᠠᠭᠢ ᠳᠤᠮᠳᠠᠳᠤ ᠤᠯᠤᠰ ᠤᠨ ᠠᠷᠠᠳ ᠤᠨ ᠴᠠᠭᠳᠠᠭᠠᠨ ᠤ ᠪᠠᠶᠠᠷ ᠢ ᠬᠠᠯᠠᠭᠤᠨ ᠢᠶᠠᠷ ᠪᠡᠯᠭᠡᠯᠡᠪᠡ᠃ ᠪᠠᠢ ᡁᠢ ᠵᠢᠶᠦ᠋ᠨ᠂ ᠮᠧᠩ ᠭᠠᠩ᠂ ᠰᠦᠨ ᠰᠢᠸ ᠹᠧᠢ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠲᠣᠭᠯᠠᠯᠲᠠ ᠶᠢ ᠰᠣᠨᠢᠷᠬᠠᠪᠠ᠃

1.jpg

    ᠲᠣᠭᠯᠠᠯᠲᠠ ᠨᠢ 2024 ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠺᠢᠨᠣ᠋ ︽ᠬᠡᠷᠡᠯ ᠭᠡᠭᠡ ᠶᠢ ᠳᠠᠭᠠᠬᠤ︾ ᠪᠠᠷ ᠬᠥᠰᠢᠭᠡ ᠪᠠᠨ ᠨᠡᠭᠡᠭᠡᠵᠦ᠂ ᠳᠠᠭᠤᠤ᠂

ᠤᠷᠠᠨ ᠤᠩᠰᠢᠯᠭ᠎ᠠ᠂ ᠪᠥᠵᠢᠭ᠂ ᠬᠥᠭᠵᠢᠮᠳᠡᠬᠦᠢ ᠶᠢᠨ ᠬᠥᠭᠵᠢᠮ ᠵᠡᠷᠭᠡ 13 ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠪᠠ᠃ ᠦᠳᠡᠰᠢᠯᠡᠭᠡ ᠨᠢ ︽

ᠡᠭᠦᠷᠭᠡ ᠬᠠᠷᠢᠭᠤᠴᠠᠯᠭ᠎ᠠ︾᠂ ︽ᠢᠷᠠᠭᠤ ᠠᠯᠳᠠᠷ︾ ᠭᠡᠬᠦ ᠬᠤᠶᠠᠷ ᠪᠦᠯᠦᠭ ᠬᠤᠪᠢᠶᠠᠵᠤ᠂ ᠪᠥᠵᠢᠭ ᠢᠶᠠᠷ ᠦᠨᠡᠨᠴᠢ ᠰᠢᠳᠤᠷᠭᠤ ᠶᠢ ᠮᠠᠭᠲᠠᠵᠤ᠂ ᠦᠯᠢᠭᠡᠷ ᠢᠶᠠᠷ ᠬᠤᠪᠢ

ᠨᠡᠮᠡᠷᠢ ᠦᠵᠡᠭᠦᠯᠵᠦ᠂ ᠳᠠᠭᠤᠤ ᠪᠠᠷ ᠰᠡᠳᠬᠢᠯᠭᠡ ᠪᠠᠨ ᠤᠶᠠᠩᠭᠠᠯᠠᠵᠤ᠂ ᠵᠠᠯᠠᠨ ᠠᠶᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠤᠭ ᠰᠠᠨᠠᠭ᠎ᠠ

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠢᠭᠡ ᠭᠠᠵᠠᠷ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠵᠤ᠂ ᠴᠠᠭᠳᠠᠭ᠎ᠠ ᠠᠷᠠᠳ ᠢᠶᠠᠨ ᠬᠠᠶᠢᠷᠠᠯᠠᠵᠤ᠂ ᠠᠷᠠᠳ

ᠴᠠᠭᠳᠠᠭ᠎ᠠ ᠪᠠᠨ ᠬᠦᠷᠢᠶᠡᠯᠡᠵᠦ᠂ ᠴᠠᠭᠳᠠᠭ᠎ᠠ ᠠᠷᠠᠳ ᠰᠡᠳᠬᠢᠯ ᠨᠢᠭᠡᠳᠦᠨ ᠠᠮᠤᠷ ᠠᠮᠤᠭᠤᠯᠠᠩ ᠢ ᠬᠠᠮᠲᠤᠪᠠᠷ ᠴᠣᠭᠴᠠᠯᠠᠭᠰᠠᠨ ᠠᠮᠢᠳᠤᠯᠢᠭ ᠪᠠᠶᠢᠳᠠᠯ ᠢ ᠠᠮᠢᠳᠤᠯᠢᠭ ᠢᠶᠠᠷ

ᠳᠡᠯᠭᠡᠨ ᠦᠵᠡᠭᠦᠯᠵᠡᠢ᠃

2.jpg

    ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠹᠠᠨ ᠷᠦᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠺᠠᠩ ᠶᠦᠨ

ᠪᠥᠸᠧ ᠬᠡᠯᠡᠬᠦ ᠳᠡᠭᠡᠨ᠄ ︽ᠴᠠᠭᠳᠠᠭ᠎ᠠ ᠶᠢᠨ ᠪᠠᠶᠠᠷ ᠤᠨ ᠡᠨᠡᠬᠦ ᠣᠨᠴᠠᠭᠠᠶ ᠡᠳᠦᠷ ᠲᠤ᠂ ᠠᠬᠠᠮᠠᠳ ᠦᠶ᠎ᠡ ᠶᠢᠨ ᠬᠢᠨ ᠥᠩᠭᠡᠷᠡᠭᠰᠡᠨ ᠤ ᠭᠠᠶᠢᠬᠠᠮᠰᠢᠭᠲᠤ ᠣᠨ

ᠰᠠᠷ᠎ᠠ ᠪᠠᠨ ᠡᠷᠭᠢᠴᠡᠭᠦᠯᠵᠦ᠂ ᠴᠠᠭᠳᠠᠭ᠎ᠠ ᠶᠢᠨ ᠠᠵᠢᠯ ᠤᠨ ᠲᠤᠷᠰᠢᠯᠭ᠎ᠠ ᠪᠠᠨ ᠤᠯᠠᠮᠵᠢᠯᠠᠪᠠ᠂ ᠪᠢᠳᠡ ᠠᠬᠠᠮᠠᠳ ᠦᠶ᠎ᠡ ᠶᠢᠨ ᠬᠢᠨ ᠤ ᠰᠤᠷᠭᠠᠯ ᠢ ᠰᠣᠨᠣᠰᠴᠤ᠂

ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮᠵᠢᠯᠠᠵᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ ᠬᠤᠶᠢᠰᠢᠳᠠ ᠶᠢᠨ

ᠠᠵᠢᠯ ᠤᠨ ᠳᠤᠮᠳᠠ ᠪᠠᠨ ᠪᠢ ᠤᠭ ᠰᠠᠨᠠᠭ᠎ᠠ ᠪᠠᠨ ᠪᠠᠷᠢᠮᠲᠠᠯᠠᠨ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠯᠠᠨ ᠲᠦᠮᠡᠨ ᠤ ᠳᠤᠮᠳᠠ

ᠭᠦᠨᠵᠡᠭᠡᠶᠢᠷᠡᠨ ᠠᠷᠠᠳ ᠤᠨ ᠪᠠᠶᠢᠳᠠᠯ ᠢ ᠰᠤᠷᠪᠤᠯᠵᠢᠯᠠᠨ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠪᠣᠳᠠᠲᠠᠢ ᠶᠠᠪᠤᠳᠠᠯ

ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢᠲᠠᠢ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ︾ᠭᠡᠵᠦ ᠬᠡᠯᠡᠪᠡ᠃

3.jpg

    ᠦᠨᠡᠨᠴᠢ ᠰᠢᠳᠤᠷᠭᠤ᠂ ᠡᠷᠡᠯᠬᠡᠭ ᠪᠠᠭᠠᠲᠤᠷ᠂ ᠬᠠᠳᠠᠨ ᠵᠣᠷᠢᠭ ᠪᠣᠯ ᠲᠡᠳᠡᠨ ᠤ ᠤᠭ ᠥᠩᠭᠡ᠂ ᠰᠠᠬᠢᠨ ᠬᠠᠮᠠᠭᠠᠯᠠᠬᠤ᠂ ᠪᠠᠲᠤ ᠰᠠᠬᠢᠬᠤ᠂ ᠬᠠᠨᠢ ᠪᠣᠯᠬᠤ᠂ ᠲᠡᠳᠡᠨ ᠤ

ᠴᠢᠷᠮᠠᠶᠢᠯᠭ᠎ᠠ ᠮᠥᠨ᠂ ᠬᠠᠮᠤᠭ ᠤᠨ ᠠᠶᠤᠯ ᠲᠦᠭᠰᠢᠭᠦᠷᠢ ᠲᠠᠢ ᠴᠠᠭ ᠮᠥᠴᠡ ᠳᠤ᠂ ᠬᠠᠮᠤᠭ ᠤᠨ ᠬᠠᠲᠠᠭᠤ ᠪᠡᠷᠬᠡ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠶᠡᠷᠦᠨᠢ

ᠨᠢᠭᠡ ᠪᠦᠯᠦᠭ ᠲᠥᠪᠡᠳ ᠬᠥᠬᠡ ᠬᠤᠪᠴᠠᠰᠤ ᠡᠮᠦᠰᠦᠭᠰᠡᠨ ᠬᠥᠮᠥᠰ ᠪᠠᠶᠢᠳᠠᠭ᠂ ᠰᠠᠬᠢᠨ ᠬᠠᠮᠠᠭᠠᠯᠠᠵᠤ᠂ ᠬᠠᠨᠢ ᠪᠣᠯᠵᠤ᠂ ᠪᠢᠳᠡᠨ ᠢ ᠳᠤᠯᠠᠭᠠᠴᠠᠭᠤᠯᠤᠨ᠎ᠠ᠂ ᠡᠯᠳᠡᠪ

ᠵᠦᠢᠯ ᠤᠨ ᠢᠬᠢᠷ ᠰᠢᠬᠢᠷ ᠵᠦᠢᠯ ᠪᠠᠶᠢᠭᠰᠠᠨ ᠴᠤ ᠲᠥᠪᠡᠳ ᠬᠥᠬᠡ ᠵᠠᠶᠢᠯᠠᠰᠢ ᠦᠭᠡᠢ ᠲᠠᠶᠢᠯᠤᠭᠳᠠᠨ᠎ᠠ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠲᠦᠮᠡᠨ

ᠭᠡᠷ ᠤᠨ ᠳ᠋ᠧᠩ ᠢ ᠰᠠᠬᠢᠨ ᠬᠠᠮᠠᠭᠠᠯᠠᠵᠤ ᠪᠠᠶᠢᠳᠠᠭ᠃ ᠵᠠᠯᠠᠨ ᠠᠶᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠮᠠᠭᠲᠠ ᠡᠭᠦᠷᠭᠡ ᠬᠠᠷᠢᠭᠤᠴᠠᠯᠭ᠎ᠠ ᠪᠠᠨ

ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ

ᠦᠵᠡᠭᠦᠯᠦᠭᠰᠡᠭᠡᠷ ᠢᠷᠡᠪᠡ᠃ ᠪᠠᠶᠢᠩᠭᠤᠵᠢᠭᠤᠯᠬᠤ ᠠᠵᠢᠯ ᠤᠨ ᠳᠤᠮᠳᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠣᠪᠣᠶᠢᠮ᠎ᠠ ᠶᠠᠯᠠᠲᠤ ᠠᠵᠢᠯᠯᠠᠭ᠎ᠠ ᠳᠤ

ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ

ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠰᠦᠯᠵᠢᠶᠡᠨ ᠤ ᠶᠠᠯᠠᠲᠤ ᠠᠵᠢᠯᠯᠠᠭ᠎ᠠ ᠪᠠ ᠬᠢᠯᠢ ᠠᠯᠤᠰᠯᠠᠨ ᠵᠣᠭᠤᠰ

ᠨᠠᠭᠠᠳᠬᠤ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠲᠦᠷᠦ ᠶᠢᠨ

ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ

ᠴᠢᠳᠠᠯ ᠢᠶᠠᠨ ᠡᠷᠭᠦᠪᠡ᠃ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠺᠣᠮᠢᠰᠰᠠᠷ ᠸᠠᠩ ᠱᠧᠩ

ᠴᠦᠨ ᠬᠡᠯᠡᠬᠦ ᠳᠡᠭᠡᠨ᠄ ︽2025 ᠣᠨ ᠤ 1 ᠰᠠᠷ᠎ᠠ ᠶᠢᠨ 10 ᠤ ᠡᠳᠦᠷ ᠤᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠪᠣᠯ ᠮᠠᠨ ᠤ

ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠥᠪᠡᠷ ᠤᠨ ᠬᠢᠨᠢ ᠪᠠᠶᠠᠷ ᠤᠨ ᠡᠳᠦᠷ ᠪᠣᠯᠣᠨ᠎ᠠ᠂ ᠲᠡᠷᠡ ᠨᠢ ᠠᠷᠠᠳ ᠤᠨ ᠴᠠᠭᠳᠠᠭ᠎ᠠ ᠨᠢᠭᠡᠪᠦᠷᠢ ᠶᠢᠨ ᠴᠢᠷᠮᠠᠶᠢᠯᠭ᠎ᠠ ᠶᠢ

ᠭᠡᠷᠡᠴᠢᠯᠡᠨ᠎ᠡ᠂ ᠲᠤᠰ ᠤᠳᠠᠭ᠎ᠠ ᠶᠢᠨ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢ ᠡᠷᠬᠢᠯᠡᠭᠰᠡᠨ ᠵᠣᠷᠢᠯᠭ᠎ᠠ ᠨᠢ ᠤᠯᠠᠨ ᠢ ᠴᠠᠭᠳᠠᠭᠠᠨ ᠤ ᠶᠠᠪᠤᠳᠠᠯ ᠳᠤ ᠶᠠᠭᠠᠷᠠᠯᠲᠠᠢ

ᠠᠵᠢᠯᠯᠠᠬᠤ ᠶᠢᠨ ᠳᠠᠭᠠᠤ ᠴᠠᠭᠳᠠᠭ᠎ᠠ ᠶᠢᠨ ᠤᠭ ᠰᠠᠨᠠᠭ᠎ᠠ ᠶᠢ ᠲᠠᠬᠢᠨ ᠰᠠᠨᠠᠭᠠᠯᠵᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠨᠡᠩ ᠣᠷᠭᠢᠯᠤᠮ᠎ᠠ

ᠬᠠᠯᠠᠭᠤᠨ ᠰᠡᠳᠬᠢᠯᠭᠡ ᠪᠠᠷ ᠳᠣᠲᠣᠭᠠᠳᠤ ᠶᠢ ᠬᠠᠮᠠᠭᠠᠯᠠᠬᠤ ᠦᠢᠯᠡᠰ ᠲᠤ ᠣᠷᠣᠯᠴᠠᠭᠤᠯᠬᠤ ᠶᠢᠨ ᠲᠥᠯᠥᠭᠡ ᠶᠤᠮ᠃ ᠰᠢᠨ᠎ᠡ ᠨᠢᠭᠡ ᠵᠢᠯ ᠤᠨ ᠠᠵᠢᠯ ᠤᠨ ᠳᠤᠮᠳᠠ᠂

ᠪᠢᠳᠡ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ

ᠴᠢᠩᠭᠠᠳᠬᠠᠵᠤ᠂ ᠡᠯ᠎ᠡ ᠲᠥᠷᠥᠯ ᠤᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠠᠮᠢ ᠨᠠᠰᠤ ᠡᠳ᠋

ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠂ ᠵᠠᠯᠠᠨ ᠠᠶᠢᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ

︿ᠠᠷᠠᠳ ᠤᠨ ᠳᠣᠲᠣᠭᠠᠳᠤ ᠶᠢ ᠬᠠᠮᠠᠭᠠᠯᠠᠬᠤ ᠪᠣᠯ ᠠᠷᠠᠳ ᠲᠦᠮᠡᠨ ᠤ ᠲᠥᠯᠥᠭᠡ﹀ ᠭᠡᠳᠡᠭ ᠢ ᠲᠠᠶᠢᠯᠪᠤᠷᠢᠯᠠᠨ᠎ᠠ︾ ᠭᠡᠵᠡᠢ᠃

ᠢᠷᠡᠯᠲᠡ᠄ ᠵᠠᠯᠡᠨ ᠠᠶᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ