ᠥᠪᠥᠷ ᠵᠠᠰᠠᠭ ᠦᠰᠦᠭ 〔2024〕 232 ᠳ᠋ᠤᠭᠠᠷ ᠲᠣᠭᠠᠲᠤ | ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠰᠢᠨ᠎ᠡ ᠪᠠᠷ ᠨᠡᠮᠡᠭᠳᠡᠭᠦᠯᠬᠦ ᠪᠠ ᠬᠥᠮᠦᠨ ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠠᠯ | | | ᠬᠢᠩᠭᠠᠨ ᠠᠶᠢᠮᠠᠭ ᠤᠨ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠪᠠᠶᠢᠭᠤᠯᠬᠤ ᠪᠠᠷ ᠪᠠᠶᠢᠭ᠎ᠠ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ | ᠤᠰᠤᠯᠠᠯᠲᠠ ᠶᠢᠨ ᠣᠷᠣᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠯᠡᠵᠦ ᠪᠦᠲᠦᠭᠡᠨ | ᠪᠠᠶᠢᠭᠤᠯᠬᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ᠎ᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠬᠤ ᠪᠠ | ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ | ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ | ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠪᠠ ᠄ | ᠨᠢᠭᠡ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠤ ᠵᠠᠯᠠᠶᠢᠳ ᠬᠤᠰᠢᠭᠤᠨ ᠤ ᠳᠠᠯᠳᠠ ᠤᠰᠤᠯᠠᠯᠲᠠ ᠶᠢᠨ ᠣᠷᠣᠨ᠂ | ᠪᠠᠶ᠎ᠠ ᠤᠰᠤᠯᠠᠯᠲᠠ ᠶᠢᠨ ᠣᠷᠣᠨ᠂ ᠹᠧᠩ ᠲᠦᠨ ᠤᠰᠤᠯᠠᠯᠲᠠ ᠶᠢᠨ ᠣᠷᠣᠨ᠂ ᠬᠦᠷᠡᠯ ᠤᠰᠤᠯᠠᠯᠲᠠ ᠶᠢᠨ ᠣᠷᠣᠨ᠂ ᠪᠠᠶᠠᠨᠲᠤᠬᠤᠢ ᠤᠰᠤᠯᠠᠯᠲᠠ ᠶᠢᠨ ᠣᠷᠣᠨ᠂ | ᠴᠢᠭᠢᠲᠦ ᠤᠰᠤᠯᠠᠯᠲᠠ ᠶᠢᠨ ᠣᠷᠣᠨ᠂ ᠬᠠᠷ᠎ᠠ ᠴᠡᠭᠡᠯ ᠤᠰᠤᠯᠠᠯᠲᠠ ᠶᠢᠨ ᠣᠷᠣᠨ᠂ ᠤᠳᠠᠲᠠᠢ ᠤᠰᠤᠯᠠᠯᠲᠠ ᠶᠢᠨ ᠣᠷᠣᠨ᠂ ᠪᠤᠷᠤᠬᠤᠰᠢᠭᠤ ᠤᠰᠤᠯᠠᠯᠲᠠ ᠶᠢᠨ ᠣᠷᠣᠨ᠂ | ᠬᠤᠶᠢᠲᠤ ᠢᠨᠳᠡᠷ ᠤᠰᠤᠯᠠᠯᠲᠠ ᠶᠢᠨ ᠣᠷᠣᠨ᠂ ᠰᠢᠶᠤᠤ ᠴᠧᠩ ᠽᠢ ᠤᠰᠤᠯᠠᠯᠲᠠ ᠶᠢᠨ ᠣᠷᠣᠨ᠂ ᠳᠥᠷᠪᠠᠨᠰᠢᠨ ᠤᠰᠤᠯᠠᠯᠲᠠ ᠶᠢᠨ ᠣᠷᠣᠨ ᠪᠠ ᠨᠣᠨ ᠮᠥᠷᠡᠨ | ᠤᠰᠤᠯᠠᠯᠲᠠ ᠶᠢᠨ ᠣᠷᠣᠨ ᠬᠤᠯᠪᠣᠭᠳᠠᠵᠤ᠂ ᠪᠣᠳᠠᠲᠠᠶ ᠬᠡᠪᠴᠢᠶ᠎ᠡ ᠶᠢ ᠲᠤᠬᠠᠶ ᠶᠢᠨ ᠲᠠᠯᠠᠪᠤᠷ ᠲᠤ ᠲᠣᠭᠲᠠᠭᠠᠬᠤ ᠪᠤᠯᠠᠭᠠᠷᠢ ᠪᠠᠷ ᠪᠠᠷᠢᠮᠵᠢᠶᠠᠯᠠᠨ᠎ᠠ ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠦᠨᠳᠡᠭᠡᠨ ᠤᠰᠤᠨ ᠠᠰᠢᠭᠯᠠᠯᠲᠠ ᠶᠢᠨ ᠬᠦᠢᠰᠦ | ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ | ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ ᠪᠠᠯᠭᠠᠰᠤ ᠶᠢᠨ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ | ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠶ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ | ᠮᠣᠩᠭᠤᠯ ᠤᠨ ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠥᠷᠥᠯ | ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠶ᠂ ᠭᠡᠷ ᠪᠠᠶᠢᠰᠢᠩ ᠵᠢᠴᠢ ᠪᠤᠰᠤᠳ ᠪᠡᠯᠡᠳᠬᠡᠮᠵᠢ ᠶᠢ | ᠵᠠᠰᠠᠨ ᠪᠠᠶᠢᠭᠤᠯᠵᠤ ᠪᠣᠯᠬᠤ ᠦᠭᠡᠶ᠂ ᠤᠤᠯ ᠭᠠᠵᠠᠷ ᠤᠨ ᠲᠥᠷᠥᠯ᠂ ᠭᠠᠵᠠᠷ ᠤᠨ ᠳᠥᠷᠬᠦ ᠶᠢ ᠨᠢ ᠬᠤᠪᠢᠷᠠᠭᠤᠯᠵᠤ ᠪᠣᠯᠬᠤ ᠦᠭᠡᠶ᠂ ᠲᠠᠷᠢᠶᠠᠯᠠᠬᠤ ᠭᠠᠵᠠᠷ᠂ | ᠴᠡᠴᠡᠷᠯᠢᠭ ᠤᠨ ᠭᠠᠵᠠᠷ ᠢ ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠶ ᠶᠢᠨ ᠲᠠᠷᠢᠮᠠᠯ ᠪᠠ ᠣᠢ ᠮᠣᠳᠣ ᠶᠢ ᠵᠠᠪᠰᠢᠵᠤ ᠵᠠᠶᠢᠯᠠᠬᠤ | ᠵᠡᠷᠭᠡ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠶ᠃ | ᠳᠥᠷᠪᠡ᠂ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠠᠴᠠ ᠪᠣᠯᠵᠤ ᠲᠤᠬᠠᠶ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠳᠡᠩᠳᠡᠭᠦᠦ ᠶᠡᠭᠡ ᠨᠥᠯᠥᠭᠡ ᠭᠠᠷᠭᠠᠬᠤ | ᠦᠭᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ | ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ | ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠤᠨ᠎ᠠ᠃ | ᠲᠠᠪᠤ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠤᠷᠠᠳᠤ ᠤᠷᠤᠰᠬᠠᠯ ᠳᠠᠬᠢ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠦᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠵᠤ | ᠮᠣᠷᠳᠠᠭᠰᠠᠨ ᠂ ᠴᠡᠷᠢᠭ ᠠᠴᠠ ᠰᠢᠯᠵᠢᠭᠰᠡᠨ ᠪᠤᠶᠤ ᠴᠡᠷᠢᠭ ᠤᠨ ᠠᠯᠪᠠᠨ ᠠᠴᠠ ᠬᠠᠯᠠᠭᠳᠠᠭᠰᠠᠨ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠲᠡᠭᠦᠰᠦᠭᠰᠡᠨ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠵᠡᠷᠭᠡ ᠨᠤᠲᠤᠭ ᠲᠤ ᠪᠠᠨ ᠪᠤᠴᠠᠭᠰᠠᠳ ᠠᠴᠠ ᠭᠠᠳᠠᠨ᠎ᠠ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠦᠨ ᠠᠮᠠ ᠨᠡᠭᠦᠯᠭᠡᠨ ᠣᠷᠣᠭᠤᠯᠬᠤ ᠭᠠᠷᠳᠠᠮ ᠢ | ᠭᠦᠢᠴᠡᠳᠬᠡᠵᠦ ᠪᠣᠯᠬᠤ ᠦᠭᠡᠶ᠃ | ᠵᠢᠷᠭᠤᠭ᠎ᠠ᠂ ᠢᠨᠵᠧᠨᠧᠷᠢᠩ ᠤᠨ ᠭᠠᠵᠠᠷ ᠰᠢᠷᠣᠶ ᠲᠠᠲᠠᠪᠤᠷᠢᠯᠠᠬᠤ ᠪᠠ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠣᠯᠠᠨ ᠲᠦᠮᠡᠨ ᠢ ᠥᠳᠥᠭᠡᠨ ᠬᠡᠷᠡᠭ | ᠲᠠᠲᠠᠭᠰᠠᠨ᠂ ᠭᠠᠵᠠᠷ ᠰᠢᠷᠣᠶ ᠲᠠᠲᠠᠪᠤᠷᠢᠯᠠᠨ ᠨᠡᠭᠦᠯᠭᠡᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ | ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |