ᠨᠤᠭᠤ ᠭᠠᠵᠠᠷ ᠤᠨ ᠠᠮᠢ ᠠᠬᠤᠶ ᠶᠢᠨ ᠥᠷᠲᠡᠭ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠨᠤᠭᠤ ᠭᠠᠵᠠᠷ ᠢ ᠬᠠᠮᠠᠭᠠᠯᠠᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠬᠦ ᠶᠢᠨ ᠲᠤᠰᠠᠳᠠ᠃ ᠣᠶᠢᠷ᠎ᠠ ᠳᠤ᠂ | ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠭᠤᠣᠯ ᠤᠨ ᠪᠠᠷᠠᠭᠤᠨᠳᠡᠬᠢ ᠵᠡᠭᠡᠯᠢ ᠶᠢᠨ ᠵᠠᠮ ᠤᠨ ᠰᠢᠨ ᠴᠧᠩ | ᠨᠡᠶᠢᠭᠡᠮ ᠲᠣᠭᠤᠷᠢᠭ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ | ᠰᠢᠤᠱᠦ᠋ᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠬᠥᠮᠦᠵᠢᠭᠦᠯᠬᠦ ᠲᠣᠭᠤᠷᠢᠭ ᠲᠤ | ᠶᠠᠪᠤᠭᠳᠠᠵᠤ᠂ 29 ᠳ᠋ᠦ᠋ᠭᠡᠷ ᠳᠡᠯᠡᠬᠡᠶ ᠶᠢᠨ ᠨᠤᠭᠤ ᠭᠠᠵᠠᠷ ᠤᠨ ᠡᠳᠦᠷ ᠤᠨ ︽ᠨᠤᠭᠤ ᠭᠠᠵᠠᠷ ᠢ ᠬᠠᠮᠠᠭᠠᠯᠠᠵᠤ᠂ ᠢᠷᠡᠭᠡᠳᠦᠶ ᠪᠠᠨ ᠬᠠᠮᠲᠤ ᠪᠠᠷ ᠴᠣᠭᠴᠠᠯᠠᠶ᠎ᠠ︾ ᠭᠡᠬᠦ | ᠭᠤᠤᠯ ᠰᠡᠳᠦᠪ ᠤᠨ ᠲᠣᠭᠤᠷᠢᠨ ᠳᠤ ᠤᠬᠠᠭᠤᠯᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠪᠣᠯᠤᠨ ᠰᠢᠨ ᠴᠧᠩ | ᠨᠡᠶᠢᠭᠡᠮ ᠲᠣᠭᠤᠷᠢᠭ ᠤᠨ ᠠᠵᠢᠯᠲᠠᠳ ᠭᠤᠤᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠢᠴᠢ ᠲᠤᠬᠠᠶ ᠶᠢᠨ | ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠨᠤᠭᠤ ᠭᠠᠵᠠᠷ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠠᠢ ᠤᠶᠠᠯᠳᠤᠭᠤᠯᠤᠨ᠂ ᠨᠤᠭᠤ ᠭᠠᠵᠠᠷ ᠤᠨ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠤᠰᠤᠨ ᠤ ᠴᠢᠨᠠᠷ ᠢ ᠴᠡᠪᠡᠷᠰᠢᠭᠦᠯᠬᠦ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠨᠵᠡᠭᠡᠶ | ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠭᠰᠠᠨ ᠪᠠᠶᠢᠨ᠎ᠠ᠃ | ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠥᠬᠦ ᠣᠷᠣᠯᠴᠠᠭᠰᠠᠳ ᠪᠠᠰᠠ ᠨᠤᠭᠤ ᠭᠠᠵᠠᠷ ᠤᠨ ᠴᠡᠴᠡᠷᠯᠢᠭ ᠲᠤ ᠭᠦᠨᠵᠡᠭᠡᠶᠢᠷᠡᠨ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠨᠤᠭᠤ ᠭᠠᠵᠠᠷ ᠤᠨ ᠠᠷᠢᠭᠤᠨ ᠴᠡᠪᠡᠷ ᠪᠠ | ᠦᠵᠡᠰᠬᠦᠯᠡᠩᠲᠦ ᠰᠠᠶᠢᠬᠠᠨ ᠳᠤ ᠬᠦᠴᠦᠨ ᠴᠢᠳᠠᠯ ᠢᠶᠠᠨ ᠡᠷᠭᠦᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠥᠬᠦ ᠠᠷᠠᠳ ᠤᠨ ᠴᠢᠭᠢᠭᠯᠢᠭ ᠭᠠᠵᠠᠷ ᠢ | ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠬᠠᠮᠲᠤ ᠥᠷᠭᠡᠨ ᠣᠯᠠᠨ | ᠠᠵᠢᠯᠲᠠᠨ ᠠᠵᠢᠯᠴᠢᠨ ᠪᠠ ᠣᠯᠠᠨ ᠲᠦᠮᠡᠨ ᠢ ᠲᠣᠰ ᠪᠡᠶ᠎ᠡ ᠠᠴᠠ ᠪᠠᠨ ᠡᠬᠢᠯᠡᠨ ᠬᠢᠵᠦ᠂ ᠴᠢᠭᠢᠭᠯᠢᠭ ᠭᠠᠵᠠᠷ ᠪᠠ ᠠᠮᠢ ᠠᠬᠤᠶ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠳᠤ ᠢᠳᠡᠪᠬᠢᠲᠡᠶ ᠣᠷᠣᠯᠴᠠᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠶᠢ ᠤᠷᠢᠶᠠᠯᠠᠬᠤ ᠶᠢᠨ ᠲᠥᠯᠥᠭᠡ ᠶᠤᠮ᠃ | |