ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠠᠮᠤᠷ ᠲᠦᠪᠰᠢᠨ ᠤ ᠦᠵᠡᠯ ᠤᠬᠠᠮᠰᠠᠷ ᠪᠠ ᠰᠢᠮ᠎ᠡ ᠲᠡᠵᠢᠭᠡᠯ ᠡᠷᠡᠭᠦᠯ ᠴᠢᠬᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2 ᠰᠠᠷ᠎ᠠ ᠶᠢᠨ 14 ᠤ ᠡᠳᠦᠷ᠂ | ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠪᠥᠬᠦ | ᠬᠤᠲᠠ ᠶᠢᠨ ᠰᠤᠷᠭᠠᠭᠤᠯᠢ ᠳᠤ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠥᠷᠨᠢᠭᠦᠯᠵᠦ᠂ ᠬᠤᠲᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠪᠥᠬᠦ ᠬᠤᠲᠠ ᠶᠢᠨ ᠡᠯ᠎ᠡ ᠰᠤᠷᠭᠠᠭᠤᠯᠢ ᠶᠢᠨ 53 ᠬᠠᠷᠢᠭᠤᠴᠠᠯᠭᠠᠲᠠᠨ ᠳᠤ ᠢᠳᠡᠭᠡᠨ ᠤ | ᠠᠷᠢᠭᠤᠨ ᠴᠡᠪᠡᠷ ᠤᠨ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠠ᠃ | ᠪᠣᠯᠪᠠᠰᠤᠷᠠᠭᠤᠯᠤᠯ ᠤᠨ ᠠᠭᠤᠯᠭ᠎ᠠ ᠳᠤ ᠭᠤᠤᠯᠳᠠᠭᠤ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠬᠢᠭᠡᠳ ᠢᠳᠡᠭᠡᠨ ᠳᠤ ᠬᠤᠤᠷᠳᠠᠭᠳᠠᠬᠤ ᠶᠢ | ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠵᠦᠶ ᠵᠣᠬᠢᠰᠲᠠᠶ ᠬᠤᠭᠤᠯᠠ ᠤᠮᠳᠠ ᠬᠢᠭᠡᠳ ᠰᠢᠮ᠎ᠡ ᠲᠡᠵᠢᠭᠡᠯ ᠤᠨ ᠴᠢᠬᠤᠯᠠ | ᠴᠢᠨᠠᠷ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠤᠷᠤᠭᠴᠢᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠣᠯᠠᠨ ᠡᠪᠡᠳᠴᠢᠨ ᠢ ᠬᠠᠮᠲᠤ ᠳᠤᠨᠢ | ᠰᠡᠷᠭᠡᠶᠢᠯᠡᠬᠦ ᠮᠡᠷᠭᠡᠵᠢᠯ ᠤᠨ ᠵᠦᠭᠯᠡᠭᠦᠷ ᠪᠠ ︽ᠠᠷᠪᠠᠨ ᠴᠢᠬᠤᠯᠠ ᠠᠭᠤᠯᠭ᠎ᠠ︾ ᠶᠢᠨ ᠲᠠᠶᠢᠯᠤᠮᠵᠢ ᠪᠠᠭᠲᠠᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠷᠢ ᠲᠦᠪᠰᠢᠨ ᠪᠣᠯᠤᠨ ᠢᠳᠡᠭᠡᠨ ᠤ | ᠬᠤᠤᠷᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ | ᠲᠡᠵᠢᠭᠡᠯ ᠡᠷᠡᠭᠦᠯ ᠮᠡᠨᠳᠦ ᠶᠢᠨ ᠠᠵᠢᠯ ᠤᠨ ᠲᠡᠭᠦᠯᠳᠡᠷᠵᠢᠯᠲᠡ ᠶᠢ ᠨᠠᠩ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠥᠷᠭᠡᠨ ᠣᠯᠠᠨ ᠪᠠᠭᠰᠢ ᠰᠤᠷᠤᠭᠴᠢᠳ ᠤᠨ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠨᠠᠩ ᠰᠠᠶᠢᠲᠤᠷ ᠪᠠᠲᠤᠯᠠᠭᠰᠠᠨ ᠪᠠᠶᠢᠨ᠎ᠠ᠃ | |