2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠵᠢᠴᠢ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠮᠤᠷ ᠲᠦᠪᠰᠢᠨ ᠤ | ᠠᠵᠢᠯ ᠤᠨ ᠸᠢᠳᠢᠣ᠋ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ | ᠵᠠᠩ ᠵᠢᠶᠦ᠋ᠨ ᠰᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠲᠤᠰ ᠲᠤᠰ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠵᠠᠮ ᠬᠠᠷᠢᠯᠴᠠᠭ᠎ᠠ᠂ ᠭᠠᠯ ᠰᠡᠷᠭᠡᠶᠢᠯᠡᠵᠦ ᠭᠠᠯ | ᠤᠨᠲᠠᠷᠠᠭᠠᠬᠤ᠂ ᠢᠳᠡᠭᠡᠨ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠰᠤᠷᠤᠭᠴᠢ ᠶᠢᠨ ᠪᠠᠶᠢᠷᠢ᠂ ᠲᠤᠷᠰᠢᠯᠲᠠ ᠶᠢᠨ ᠲᠠᠰᠤᠭ᠂ ᠰᠣᠶᠣᠯ ᠲᠠᠮᠢᠷ ᠤᠨ ᠣᠷᠳᠣᠨ᠂ | ᠪᠠᠶᠢᠭᠤᠯᠵᠤ ᠪᠠᠶᠢᠭ᠎ᠠ ᠪᠠᠷᠢᠯᠭ᠎ᠠ ᠵᠡᠷᠭᠡ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠠᠵᠢᠯ ᠤᠨ ᠡᠷᠴᠢᠮ ᠢᠶᠠᠨ ᠬᠥᠪᠴᠢᠯᠡᠨ᠂ ᠪᠦᠲᠦᠮᠵᠢᠲᠡᠢ ᠠᠷᠭ᠎ᠠ ᠬᠡᠮᠵᠢᠶ᠎ᠡ | ᠠᠪᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ᠂ ᠡᠯ᠎ᠡ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ | ᠠᠮᠤᠷ ᠲᠦᠪᠰᠢᠨ ᠤ ᠳᠠᠯᠳᠠ ᠭᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠣᠳᠣᠬᠠᠨ ᠤ ᠠᠵᠢᠯ ᠳᠤ | ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠪᠠ ᠳᠠᠯᠳᠠ ᠭᠡᠮ ᠤᠨ ᠠᠰᠠᠭᠤᠳᠠᠯ ᠢ ᠪᠦᠬᠦ ᠲᠠᠯ᠎ᠠ ᠪᠠᠷ ᠡᠷᠢᠵᠦ᠂ ᠪᠠᠶᠢᠴᠠᠭᠠᠨ ᠭᠠᠷᠭᠠᠭᠰᠠᠨ ᠠᠰᠠᠭᠤᠳᠠᠯ ᠳᠤ | ᠴᠢᠭᠯᠡᠭᠦᠯᠦᠨ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠂ ᠬᠠᠰᠢ ᠶᠠᠰᠢ ᠥᠩᠭᠡᠷᠡᠭᠦᠯᠬᠦ ᠦᠭᠡᠢ ᠪᠠᠶᠢᠬᠤ ᠬᠡᠷᠡᠭᠲᠡᠢ᠃ | ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠪᠠᠭᠰᠢ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ ᠰᠢᠢᠳᠪᠦᠷᠢᠯᠡᠵᠦ᠂ ᠠᠰᠠᠭᠤᠳᠠᠯ ᠤᠨ | ᠳᠠᠯᠳᠠ ᠭᠡᠮ ᠢ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠲᠤᠰᠬᠠᠢ ᠴᠡᠭᠴᠡᠯᠡᠨ ᠵᠠᠰᠠᠯᠲᠠ ᠶᠢ ᠪᠣᠳᠠᠲᠠᠢ ᠠᠳᠬᠤᠨ᠎ᠠ᠃ | ᠠᠶᠤᠯ ᠦᠭᠡᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠠᠯᠬᠤᠮ ᠳᠠᠷᠠᠭ᠎ᠠ ᠲᠠᠢ | ᠠᠬᠢᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠴᠠᠬᠢᠯᠭᠠᠨ ᠢᠶᠠᠷ ᠭᠠᠩᠨᠠᠵᠤ ᠥᠷᠦᠮᠳᠡᠬᠦ ᠠᠵᠢᠯ ᠵᠢᠴᠢ ᠪᠠᠷᠢᠯᠭ᠎ᠠ ᠶᠢᠨ ᠳᠤᠯᠠᠭᠠᠨ ᠢ | ᠬᠠᠮᠠᠭᠠᠯᠠᠬᠤ ᠮᠠᠲ᠋ᠧᠷᠢᠶᠠᠯ ᠤᠨ ᠠᠮᠤᠷ ᠲᠦᠪᠰᠢᠨ ᠤ ᠲᠤᠰᠬᠠᠢ ᠵᠠᠰᠠᠯᠲᠠ ᠶᠢ ᠭᠦᠨᠵᠡᠭᠡᠶᠢᠷᠡᠭᠦᠯᠵᠦ᠂ ᠳᠣᠷᠣᠮᠵᠢᠯᠠᠯ ᠢ ᠰᠡᠷᠭᠡᠶᠢᠯᠡᠬᠦ᠂ ᠤᠰᠤᠨ ᠳᠤ ᠠᠳᠡᠬᠦ ᠶᠢ ᠰᠡᠷᠭᠡᠶᠢᠯᠡᠬᠦ | ᠵᠡᠷᠭᠡ ᠲᠤᠰᠬᠠᠢ ᠠᠵᠢᠯᠯᠠᠭ᠎ᠠ ᠶᠢ ᠪᠦᠬᠦ ᠬᠦᠴᠦᠨ ᠢᠶᠠᠷ ᠥᠷᠨᠢᠭᠦᠯᠬᠦ ᠬᠡᠷᠡᠭᠲᠡᠢ᠃ ᠭᠤᠷᠪᠠ ᠳᠤ᠂ ᠳᠤᠲᠠᠭᠤᠳᠠᠯ ᠢᠶᠠᠨ ᠥᠳᠲᠡᠷ ᠲᠦᠷᠭᠡᠨ ᠨᠥᠬᠦᠪᠥᠷᠢᠯᠡᠨ᠎ᠡ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳᠦᠷᠢᠮ ᠤᠨ ᠳᠤᠲᠠᠭᠤᠳᠠᠯ ᠢ | ᠨᠥᠬᠦᠪᠥᠷᠢᠯᠡᠵᠦ᠂ ᠲᠣᠭᠲᠠᠴᠠ ᠶᠢᠨ ᠳᠤᠲᠠᠭᠤᠳᠠᠯ ᠢ ᠨᠥᠬᠦᠪᠥᠷᠢᠯᠡᠨ᠂ ᠰᠤᠷᠭᠠᠭᠤᠯᠢ ᠪᠠ ᠰᠤᠷᠤᠭᠴᠢ ᠳᠤ ᠬᠤᠯᠪᠣᠭᠳᠠᠭᠰᠠᠨ ᠵᠥᠷᠢᠴᠡᠯ ᠪᠣᠯᠤᠨ ᠵᠢᠭᠤᠷᠠᠯᠳᠤᠭᠠᠨ ᠢ | ᠢᠳᠡᠪᠬᠢᠲᠡᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ ᠰᠢᠢᠳᠪᠦᠷᠢᠯᠡᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠦᠷᠭᠦᠯᠵᠢᠯᠡᠨ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠵᠤ᠂ ᠬᠡᠰᠡᠭ ᠪᠦᠯᠦᠭ ᠠᠯᠤᠰ ᠬᠡᠳᠦ ᠶᠢ ᠬᠠᠮᠢᠶᠠᠷᠬᠤ ᠳᠦᠷᠢᠮ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃ | | ᠬᠤᠷᠠᠯ ᠠᠴᠠ᠂ ᠡᠯ᠎ᠡ ᠭᠠᠵᠠᠷ ᠤᠨ ᠬᠢᠨ ᠰᠤᠷᠭᠠᠨ ᠬᠥᠮᠦᠵᠢᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠷᠤᠢ ᠳᠤ ᠨᠢ ᠤᠯᠠᠮᠵᠢᠯᠠᠨ | ᠪᠣᠳᠠᠲᠠᠶᠢᠵᠢᠭᠤᠯᠵᠤ᠂ ᠡᠯ᠎ᠡ ᠱᠠᠲᠤᠨ ᠤ ᠬᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠤᠨ᠂ ᠰᠤᠷᠭᠠᠭᠤᠯᠢ ᠥᠪᠡᠷ ᠢ ᠪᠠᠨ ᠪᠠᠶᠢᠴᠠᠭᠠᠬᠤ ᠶᠢ ᠨᠢᠭᠲᠠ | ᠴᠢᠩᠭ᠎ᠠ ᠵᠣᠬᠢᠶᠠᠨ ᠪᠠᠶᠢᠭᠤᠯᠬᠤ᠂ ᠬᠤᠰᠢᠭᠤ ᠰᠢᠶᠠᠨ ᠨᠡᠶᠢᠳᠡᠮ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠠᠶᠢᠮᠠᠭ ᠬᠤᠲᠠ ᠳᠠᠯᠳᠠᠭᠤᠷ ᠰᠤᠷᠪᠤᠯᠵᠢᠯᠠᠨ ᠰᠤᠭᠤᠴᠢᠨ | ᠪᠠᠶᠢᠴᠠᠭᠠᠬᠤ ᠶᠢ ᠥᠷᠨᠢᠭᠦᠯᠬᠦ ᠶᠢ ᠠᠬᠢᠭᠤᠯᠵᠤ᠂ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ᠂ ᠣᠨᠴᠠᠭᠠᠶᠢᠯᠠᠨ ᠪᠦᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠰᠤᠷᠭᠠᠭᠤᠯᠢ ᠶᠢᠨ ᠡᠯ᠎ᠡ | ᠵᠦᠢᠯ ᠤᠨ ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠬᠤᠯᠪᠣᠭᠳᠠᠬᠤ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ | ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠤᠨ ᠭᠡᠰᠢᠭᠦᠨ ᠪᠣᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ |