ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 2025 ᠣᠨ ᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
    2 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ 2025 ᠣᠨ ᠤ ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠵᠢᠴᠢ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠣᠳᠣᠬᠠᠨ ᠤ ᠪᠠᠶᠢᠳᠠᠯ ᠡᠭᠦᠷᠭᠡ ᠶᠢ ᠵᠠᠳᠠᠯᠵᠤ᠂ ᠪᠦᠬᠦ ᠬᠤᠳᠠ ᠶᠢᠨ ᠨᠡᠶᠢᠭᠡᠮ ᠤᠨ ᠠᠪᠤᠷᠠᠨ ᠲᠤᠰᠠᠯᠠᠬᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠤᠷᠠᠯ ᠢ ᠡᠷᠬᠢᠯᠡᠵᠦ᠂ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠬᠤᠩ ᠪᠥᠸᠧ᠂ ᠳᠡᠳ᠋ ᠲᠣᠪᠴᠢᠶᠠᠨ ᠳᠠᠷᠤᠭ᠎ᠠ ᠴᠢ ᠶᠢᠩ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠬᠤᠳᠠ ᠶᠢᠨ 19 ᠰᠢᠶᠠᠩ ᠪᠠᠯᠭᠠᠰᠤ︵ᠵᠡᠭᠡᠯᠢ ᠭᠤᠳᠤᠮᠵᠢ︶ ᠶᠢᠨ ᠠᠷᠠᠳ ᠤᠨ ᠶᠠᠪᠤᠳᠠᠯ ᠤᠨ ᠠᠵᠢᠯ ᠤᠨ ᠭᠤᠣᠯ ᠪᠣᠯᠬᠤ ᠲᠤᠬᠠᠶᠢᠯᠠᠭᠰᠠᠨ ᠠᠵᠢᠯ ᠤᠨ ᠭᠠᠷᠳᠠᠨ ᠭᠦᠢᠴᠡᠳᠭᠡᠭᠴᠢ ᠪᠣᠯᠣᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ 30 ᠭᠠᠷᠤᠢ ᠬᠥᠮᠥᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ 2024 ᠣᠨ ᠤ ᠠᠷᠠᠳ ᠤᠨ ᠶᠠᠪᠤᠳᠠᠯ ᠤᠨ ᠠᠵᠢᠯ ᠳᠤ ᠳ᠋ᠦᠩᠨᠡᠯᠲᠡ ᠬᠢᠵᠦ᠂ 2025 ᠣᠨ ᠤ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠤᠨ ᠠᠰᠠᠷᠠᠮᠵᠢ᠂ ᠣᠷᠣᠰᠢᠭᠤᠯᠭ᠎ᠠ ᠶᠢᠨ ᠠᠵᠢᠯ ᠵᠡᠷᠭᠡ ᠬᠦᠷᠢᠶᠡᠨ ᠳᠠᠬᠢ ᠠᠵᠢᠯ ᠳᠤ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠳᠤ ᠲᠤᠬᠠᠶᠢᠯᠠᠭᠰᠠᠨ ᠠᠵᠢᠯ ᠤᠨ ᠨᠠᠷᠢᠯᠢᠭ ᠪᠣᠯᠪᠠᠰᠤᠷᠠᠭᠤᠯᠤᠯ ᠬᠢᠭᠰᠡᠨ ᠪᠠᠶᠢᠨ᠎ᠠ᠃     ᠬᠤᠷᠠᠯ  ᠠᠴᠠ ᠱᠠᠭᠠᠷᠳᠠᠭᠰᠠᠨ ᠨᠢ᠂ ᠨᠢᠭᠡ ᠳᠤ᠂ ᠰᠠᠭᠤᠷᠢ  ᠶᠢ ᠪᠠᠲᠤᠯᠠᠬᠤ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠵᠢᠭᠰᠠᠭᠠᠨ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤᠨᠢ ᠬᠠᠮᠢᠶ᠎ᠠ ᠪᠦᠬᠦᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠬᠤᠶᠠᠷ ᠲᠤ᠂ ᠦᠨᠳᠦᠰᠦᠨ ᠵᠦᠢᠯ ᠢ ᠪᠠᠲᠤᠯᠠᠬᠤ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠶᠢ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠨᠠᠷᠢᠯᠢᠭ ᠣᠨᠣᠴᠠᠲᠠᠢ ᠪᠠᠷ ᠬᠠᠷᠭᠤᠭᠤᠯᠤᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠶᠢ ᠠᠰᠠᠷᠠᠨ ᠲᠡᠵᠢᠭᠡᠬᠦ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠬᠢᠨᠠᠮᠠᠭᠠᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠣᠶᠢᠯᠠᠭᠠᠨ ᠵᠢᠭᠰᠠᠭᠠᠬᠤ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠪᠤᠴᠠᠭᠠᠬᠤ ᠶᠣᠰᠣᠲᠠᠢ ᠶᠢ ᠨᠢ ᠴᠥᠮ ᠪᠤᠴᠠᠭᠠᠬᠤ︾ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠰᠠᠭᠤᠷᠢ ᠶᠢ ᠨᠢ ᠰᠠᠶᠢᠲᠤᠷ ᠪᠠᠲᠤᠯᠠᠬᠤ ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠴᠠᠭ ᠲᠤᠬᠠᠢ ᠳᠤᠨᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠨ᠎ᠠ᠃ ᠰᠠᠨᠠᠭᠠᠴᠢᠯᠠᠭ᠎ᠠ  ᠠᠴᠠ ᠪᠠᠨ ᠢᠯᠡᠷᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠷᠦᠬᠡ ᠳᠤ ᠬᠦᠷᠴᠦ ᠪᠠᠶᠢᠴᠠᠭᠠᠨ ᠵᠢᠭᠰᠠᠭᠠᠬᠤ᠂ ᠬᠠᠯᠠᠭᠤᠨ ᠤᠲᠠᠰᠤ ᠪᠠᠷ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠪᠠᠶᠢᠩᠭᠤᠵᠢᠭᠰᠠᠨ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠢ ᠵᠦᠢᠯ ᠤᠨ ᠠᠪᠤᠷᠠᠨ ᠲᠤᠰᠠᠯᠠᠬᠤ ᠰᠠᠯᠠᠭ᠎ᠠ ᠮᠥᠴᠢᠷ ᠯᠦᠭᠡ ᠶᠢᠨ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃    ᠳᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠳᠠᠭᠤᠳᠠᠪᠠᠯ ᠵᠠᠪᠠᠯ ᠠᠷᠭᠠᠴᠠᠬᠤ︾ ᠠᠪᠤᠷᠠᠨ ᠲᠤᠰᠠᠯᠠᠬᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠭᠦᠨᠵᠡᠭᠡᠶᠢᠷᠡᠭᠦᠯᠦᠨ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠪᠠᠶᠢᠩᠭᠤ ᠶᠢᠨ ᠴᠢᠨᠠᠷᠲᠠᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠶᠡᠬᠡᠪᠡᠷ ᠥᠷᠨᠢᠭᠦᠯᠦᠨ᠂ ᠠᠵᠢᠯ ᠨᠢᠭᠡᠪᠦᠷᠢ ᠶᠢ ᠪᠣᠳᠠᠲᠠᠶᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠨᠢᠭᠡᠪᠦᠷᠢ ᠶᠢᠨ ᠠᠮᠢᠳᠤᠷᠠᠯ ᠤᠨ ᠬᠠᠯᠠᠭᠤᠨ ᠳᠤᠯᠠᠭᠠᠨ ᠢ ᠰᠡᠳᠬᠢᠯ ᠳᠡᠭᠡᠨ ᠪᠤᠳᠤᠵᠤ᠂ ᠠᠪᠤᠷᠠᠨ ᠲᠤᠰᠠᠯᠠᠬᠤ ᠬᠦᠰᠡᠯ ᠱᠠᠭᠠᠷᠳᠠᠯᠭ᠎ᠠ ᠨᠢᠭᠡᠪᠦᠷᠢ ᠶᠢ ᠲᠣᠬᠢᠲᠠᠢ ᠰᠢᠢᠳᠪᠦᠷᠢᠯᠡᠵᠦ᠂ ᠠᠷᠠᠳ ᠣᠯᠠᠨ ᠳᠤ ᠨᠠᠮ ᠪᠠ ᠤᠯᠤᠰ ᠤᠨ ᠬᠠᠶᠢᠷ᠎ᠠ ᠬᠠᠯᠠᠮᠵᠢ ᠪᠠ ᠬᠠᠯᠠᠮᠵᠢᠯᠠᠯ ᠢ ᠦᠨᠡᠨᠬᠦ ᠮᠡᠳᠡᠷᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠠᠷᠠᠳ ᠤᠨ ᠵᠠᠰᠠᠭ ᠤᠨ ᠤᠷᠳᠤᠨ