ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶ᠋᠊ᠠᠯ | ᠥᠪᠥᠷ ᠵᠠᠰᠠᠭ ᠲᠠᠷᠬᠠᠭᠠᠭᠰᠠᠨ 〔2024〕 36 ᠳ᠋ᠤᠭᠠᠷ ᠲᠣᠭᠠᠲᠤ | | ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠤᠰᠤᠨ ᠤ ᠡᠬᠢ ᠰᠤᠷᠪᠤᠯᠵᠢ ᠳᠠᠬᠢ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠵᠤ | ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ ︽︿ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠰᠤᠨ | ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ 〔2024〕28 ᠳ᠋ᠤᠭᠠᠷ ᠲᠣᠭᠠᠲᠤ᠂ ᠳᠣᠷᠣᠭᠰᠢ ︽ᠤᠰᠤᠨ ᠤ ᠡᠬᠢ ᠰᠣᠷᠪᠤᠯᠵᠢ ᠶᠢᠨ | ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠯᠦᠭᠡ ᠨᠢᠭᠲᠠ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠡᠳᠦᠭᠡ ᠪᠥᠬᠦ ᠣᠷᠣᠨ ᠤ ᠤᠰᠤᠨ ᠤ ᠡᠬᠢ ᠰᠤᠷᠪᠤᠯᠵᠢ ᠶᠢᠨ | ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠵᠦᠢ ᠶᠣᠰᠣᠨ ᠤ ᠯᠡᠪᠡᠷᠡᠵᠦ | ᠡᠪᠳᠡᠷᠡᠬᠦ ᠨᠣᠷᠮ᠎ᠠ ᠶᠢ 11% ᠳᠤ ᠬᠢᠵᠠᠭᠠᠷᠯᠠᠨ᠎ᠠ᠃ | ᠬᠤᠶᠠᠷ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤᠨ ᠠᠴᠠ ᠪᠣᠳᠠᠲᠠᠢ | ᠴᠠᠬᠢᠯᠭᠠᠨ ᠭᠠᠷᠭᠠᠭᠰᠠᠨ ᠬᠡᠮᠵᠢᠶ᠎ᠡ ᠪᠠᠷ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠠᠲᠠᠪᠤᠷᠢᠯᠠᠵᠤ᠂ ᠪᠤᠰᠤᠳ ᠬᠥᠷᠥᠭᠡᠯᠲᠡ ᠳᠤ ᠲᠠᠲᠠᠨ ᠬᠡᠷᠡᠭᠯᠡᠬᠦ ᠤᠰᠤᠨ ᠠᠴᠠ | ᠪᠣᠳᠠᠲᠠᠢ ᠲᠠᠲᠠᠵᠤ ᠬᠡᠷᠡᠭᠯᠡᠬᠦ ᠤᠰᠤᠨ ᠤ ᠬᠡᠮᠵᠢᠶ᠎ᠡ ᠪᠠᠷ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠠᠲᠠᠪᠤᠷᠢᠯᠠᠨ᠎ᠠ᠃ | ᠭᠤᠷᠪᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠬᠡᠯᠪᠡᠷᠢ ᠶᠢᠨ ᠲᠠᠲᠠᠵᠤ ᠬᠡᠷᠡᠭᠯᠡᠬᠦ ᠤᠰᠤᠨ ᠤ ᠪᠣᠳᠠᠲᠠᠢ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ | ᠲᠣᠭᠠᠨ ᠤ ᠪᠠᠷᠢᠮᠵᠢᠶ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ | ᠭᠠᠶᠢᠯᠢ ᠶᠢᠨ ᠲᠣᠭᠠᠨ ᠤ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠳᠥᠷᠪᠡ᠂ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠬᠥᠮᠥᠨ ᠠᠮᠠ ᠶᠢᠨ ᠠᠮᠢᠳᠤᠷᠠᠯ ᠳᠤ ᠬᠡᠷᠡᠭᠯᠡᠬᠦ ᠲᠥᠪᠯᠡᠷᠡᠩᠭᠦᠢ ᠮᠠᠶ᠋ᠢᠭ ᠤᠨ ᠤᠤᠭᠤᠬᠤ | ᠤᠰᠤᠨ ᠤ ᠢᠨᠵᠧᠨᠧᠷᠢᠩ᠂ ᠬᠤᠲᠠ ᠪᠠᠯᠭᠠᠰᠤᠨ ᠤ ᠤᠯᠠᠨ ᠨᠡᠶᠢᠳᠡ ᠶᠢᠨ ᠤᠰᠤ ᠬᠠᠩᠭᠠᠬᠤ᠂ ᠤᠰᠤᠨ ᠬᠦᠴᠦᠨ ᠢᠶᠠᠷ ᠴᠠᠬᠢᠯᠭᠠᠨ ᠭᠠᠷᠭᠠᠬᠤ᠂ ᠢᠯᠴᠢ ᠶᠢᠨ | ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤ ᠠᠴᠠ ᠭᠠᠳᠠᠨ᠎ᠠ᠂ ᠤᠰᠤᠨ ᠤ ᠡᠬᠢ ᠰᠤᠷᠪᠤᠯᠵᠢ ᠪᠠᠷ | ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠨᠢ ᠬᠡᠲᠦᠷᠡᠲᠡᠯ᠎ᠡ ᠤᠰᠤ ᠲᠠᠲᠠᠭᠰᠠᠨ ᠭᠠᠵᠠᠷ ᠣᠷᠣᠨ ᠠᠴᠠ ᠤᠰᠤ ᠲᠠᠲᠠᠵᠤ ᠬᠡᠷᠡᠭᠯᠡᠪᠡᠯ᠂ | ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠠᠳᠠᠯᠢ ᠲᠥᠷᠥᠯ ᠬᠡᠯᠪᠡᠷᠢ ᠶᠢᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ ᠤ 2 ᠲᠠᠬᠢᠨ ᠢᠶᠠᠷ ᠲᠠᠲᠠᠪᠤᠷᠢᠯᠠᠨ᠎ᠠ᠃ | ᠲᠠᠪᠤ᠂ ᠲᠠᠷᠢᠶᠠᠯᠠᠩ ᠤᠨ ᠦᠢᠯᠡᠳᠪᠦᠷᠢᠯᠡᠯ᠂ ᠬᠥᠳᠡᠭᠡ ᠲᠣᠰᠬᠤᠨ ᠤ ᠬᠥᠮᠥᠨ ᠠᠮᠠ ᠶᠢᠨ ᠠᠮᠢᠳᠤᠷᠠᠯ ᠳᠤ ᠬᠡᠷᠡᠭᠯᠡᠬᠦ ᠲᠥᠪᠯᠡᠷᠡᠩᠭᠦᠢ ᠮᠠᠶ᠋ᠢᠭ ᠤᠨ ᠤᠤᠭᠤᠬᠤ | ᠤᠰᠤᠨ ᠤ ᠢᠨᠵᠧᠨᠧᠷᠢᠩ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠤᠰᠤ ᠬᠠᠩᠭᠠᠬᠤ᠂ ᠤᠰᠤᠨ ᠬᠦᠴᠦᠨ ᠢᠶᠠᠷ ᠴᠠᠬᠢᠯᠭᠠᠨ ᠭᠠᠷᠭᠠᠬᠤ᠂ ᠢᠯᠴᠢ ᠶᠢᠨ | ᠬᠦᠴᠦᠨ ᠤ ᠴᠠᠬᠢᠯᠭᠠᠨ ᠭᠠᠷᠭᠠᠯᠲᠠ ᠶᠢᠨ ᠲᠣᠭᠲᠠᠮᠠᠯ ᠭᠦᠶᠦᠳᠡᠯᠲᠦ ᠬᠥᠷᠥᠭᠡᠯᠲᠡ ᠳᠤ ᠲᠠᠲᠠᠨ ᠬᠡᠷᠡᠭᠯᠡᠬᠦ ᠤᠰᠤ ᠠᠴᠠ ᠭᠠᠳᠠᠨ᠎ᠠ᠂ ᠭᠠᠶᠢᠯᠢ ᠲᠤᠰᠢᠶᠠᠭᠴᠢ ᠶᠢᠨ | ᠲᠤᠬᠠᠢ ᠶᠢᠨ ᠵᠢᠯ ᠤᠨ ᠤᠰᠤ ᠲᠠᠲᠠᠵᠤ ᠬᠡᠷᠡᠭᠯᠡᠭᠰᠡᠨ ᠨᠡᠶᠢᠳᠡ ᠬᠡᠮᠵᠢᠶᠡᠨ ᠳᠠᠬᠢ ᠤᠰᠤ ᠲᠠᠲᠠᠬᠤ ᠲᠥᠯᠥᠪᠯᠡᠭᠡ ᠠᠴᠠ ᠬᠡᠲᠦᠷᠡᠭᠰᠡᠨ ᠬᠡᠰᠡᠭ ᠠᠴᠠ ᠨᠢ ᠭᠠᠶᠢᠯᠢ ᠶᠢᠨ | ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠳᠣᠣᠷᠠᠬᠢ ᠭᠠᠶᠢᠯᠢ ᠶᠢᠨ ᠲᠣᠭᠠᠨ ᠤ ᠪᠠᠷᠢᠮᠵᠢᠶ᠎ᠠ ᠪᠠᠷ ᠤᠰᠤᠨ ᠤ ᠡᠬᠢ ᠰᠣᠷᠪᠤᠯᠵᠢ ᠶᠢᠨ ᠭᠠᠶᠢᠯᠢ | ᠲᠠᠲᠠᠪᠤᠷᠢᠯᠠᠬᠤ ᠬᠡᠷᠡᠭᠲᠡᠢ᠄ | ︵ᠨᠢᠭᠡ︶ ᠲᠥᠯᠥᠪᠯᠡᠭᠡ ᠠᠴᠠ 20% ︵ᠪᠠᠭᠲᠠᠨ᠎ᠠ︶ ᠠᠴᠠ ᠳᠣᠷᠣᠭᠰᠢ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ ᠭᠠᠶᠢᠯᠢ ᠶᠢᠨ | ᠲᠣᠭᠠᠨ ᠤ ᠪᠠᠷᠢᠮᠵᠢᠶ᠎ᠠ ᠶᠢᠨ 2 ᠲᠠᠬᠢᠨ ᠢᠶᠠᠷ ᠲᠠᠲᠠᠪᠤᠷᠢᠯᠠᠨ᠎ᠠ᠃ | ︵ᠬᠤᠶᠠᠷ︶ ᠲᠥᠯᠥᠪᠯᠡᠭᠡ ᠠᠴᠠ 20% - 40% ︵ᠪᠠᠭᠲᠠᠨ᠎ᠠ︶ ᠶᠢᠨ ᠵᠠᠢ ᠳᠤ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ | ᠭᠠᠶᠢᠯᠢ ᠶᠢᠨ ᠲᠣᠭᠠᠨ ᠤ ᠪᠠᠷᠢᠮᠵᠢᠶ᠎ᠠ ᠶᠢᠨ 3 ᠳᠠᠬᠢᠨ ᠢᠶᠠᠷ ᠲᠠᠲᠠᠪᠤᠷᠢᠯᠠᠨ᠎ᠠ᠃ | ︵ᠭᠤᠷᠪᠠ︶ ᠲᠥᠯᠥᠪᠯᠡᠭᠡ ᠠᠴᠠ 40% ᠠᠴᠠ ᠳᠡᠭᠡᠭᠰᠢ ᠬᠡᠲᠦᠷᠡᠭᠰᠡᠨ ᠤᠰᠤᠨ ᠤ ᠬᠡᠮᠵᠢᠶᠡᠨ ᠤ ᠬᠡᠰᠡᠭ ᠠᠴᠠ ᠤᠤᠯ ᠤᠨ ᠭᠠᠶᠢᠯᠢ ᠶᠢᠨ ᠲᠣᠭᠠᠨ ᠤ | ᠪᠠᠷᠢᠮᠵᠢᠶ᠎ᠠ ᠶᠢᠨ 4 ᠳᠠᠬᠢᠨ ᠢᠶᠠᠷ ᠲᠠᠲᠠᠪᠤᠷᠢᠯᠠᠨ᠎ᠠ᠃ | ᠵᠢᠷᠭᠤᠭ᠎ᠠ᠂ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠵᠤ ᠬᠡᠷᠡᠭᠯᠡᠪᠡᠯ᠂ ᠠᠳᠠᠯᠢ ᠲᠥᠷᠥᠯ ᠬᠡᠯᠪᠡᠷᠢ ᠶᠢᠨ ᠤᠰᠤ ᠲᠠᠲᠠᠵᠤ ᠬᠡᠷᠡᠭᠯᠡᠬᠦ ᠭᠠᠶᠢᠯᠢ ᠶᠢᠨ | ᠲᠣᠭᠠᠨ ᠤ ᠪᠠᠷᠢᠮᠵᠢᠶ᠎ᠠ ᠶᠢᠨ 4 ᠳᠠᠬᠢᠨ ᠢᠶᠠᠷ ᠲᠠᠲᠠᠪᠤᠷᠢᠯᠠᠨ᠎ᠠ᠃ | ᠳᠣᠯᠤᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠠᠷᠢᠶᠠᠯᠠᠩ ᠤᠨ ᠦᠢᠯᠡᠳᠪᠦᠷᠢᠯᠡᠯ ᠤᠨ | ᠤᠰᠤ ᠲᠠᠲᠠᠵᠤ ᠬᠡᠷᠡᠭᠯᠡᠬᠦ ᠬᠢᠵᠠᠭᠠᠷ ᠲᠣᠭᠠᠨ ᠠᠴᠠ ᠬᠡᠲᠦᠷᠡᠭᠰᠡᠨ ᠬᠡᠰᠡᠭ ︵ᠬᠤᠳᠠᠯᠳᠤᠨ ᠠᠪᠤᠭᠰᠠᠨ ᠤᠰᠤᠨ ᠤ ᠥᠮᠴᠢᠯᠡᠨ ᠬᠡᠷᠡᠭᠯᠡᠬᠦ ᠡᠷᠬᠡ ᠶᠢᠨ ᠬᠡᠰᠡᠭ ᠪᠠᠭᠲᠠᠬᠤ | ᠦᠭᠡᠢ︶ ᠲᠤ ᠤᠰᠤ ᠲᠠᠲᠠᠵᠤ ᠬᠡᠷᠡᠭᠯᠡᠬᠦ ᠨᠢᠭᠡᠴᠢ ᠨᠢ ᠤᠰᠤᠨ ᠤ ᠡᠬᠢ ᠰᠣᠷᠪᠤᠯᠵᠢ ᠶᠢᠨ ᠭᠠᠶᠢᠯᠢ ᠲᠤᠰᠢᠶᠠᠨ᠎ᠠ᠃ ᠤᠰᠤ ᠲᠠᠲᠠᠬᠤ ᠵᠥᠪᠰᠢᠶᠡᠷᠡᠯ ᠤᠨ ᠤᠰᠤᠨ ᠤ | ᠬᠡᠮᠵᠢᠶ᠎ᠡ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠤᠰᠤ ᠲᠠᠲᠠᠵᠤ ᠬᠡᠷᠡᠭᠯᠡᠬᠦ ᠬᠢᠵᠠᠭᠠᠷ ᠲᠣᠭᠠᠨ ᠤ ᠪᠠᠷᠢᠮᠵᠢᠶ᠎ᠠ ᠪᠣᠯᠭᠠᠨ᠎ᠠ᠃ | ᠨᠠᠢᠮᠠ᠂ ᠭᠠᠶᠢᠯᠢ ᠲᠤᠰᠢᠶᠠᠭᠴᠢ ᠳᠤ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ | ᠠᠷᠭ᠎ᠠ︾ ᠶᠢᠨ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠪᠠᠶᠢᠪᠠᠯ᠂ ᠡᠳᠦᠷ ᠪᠦᠷᠢ ᠶᠢᠨ 24 ᠴᠠᠭ ᠤᠨ ᠦᠷᠭᠦᠯᠵᠢᠯᠡᠨ ᠤᠰᠤ ᠲᠠᠲᠠᠬᠤ ︵ᠤᠰᠤ | ᠲᠠᠲᠠᠷᠠᠭᠤᠯᠬᠤ︶ ᠬᠠᠮᠤᠭ ᠤᠨ ᠶᠡᠭᠡ ᠴᠢᠳᠠᠪᠤᠷᠢ ᠪᠠᠷ ᠪᠤᠶᠤ ᠥᠩᠭᠡᠷᠡᠭᠰᠡᠨ ᠤ ᠤᠰᠤ ᠲᠠᠲᠠᠵᠤ ᠬᠡᠷᠡᠭᠯᠡᠭᠰᠡᠨ ᠳᠤᠮᠳᠠᠴᠢ ᠬᠡᠮᠵᠢᠶ᠎ᠡ ︵ᠤᠰᠤ ᠲᠠᠲᠠᠷᠠᠭᠤᠯᠬᠤ ᠬᠡᠮᠵᠢᠶ᠎ᠡ︶ | ᠪᠠᠷ ᠯᠠᠪᠯᠠᠯᠲᠠ ᠪᠣᠯᠭᠠᠵᠤ ᠭᠠᠶᠢᠯᠢ ᠲᠤᠰᠢᠶᠠᠭᠴᠢ ᠶᠢᠨ ᠤᠰᠤ ᠲᠠᠲᠠᠵᠤ ᠬᠡᠷᠡᠭᠯᠡᠬᠦ ᠬᠡᠮᠵᠢᠶ᠎ᠡ ︵ᠤᠰᠤ ᠲᠠᠲᠠᠷᠠᠭᠤᠯᠬᠤ ᠬᠡᠮᠵᠢᠶ᠎ᠡ︶ ᠶᠢ ᠬᠢᠨᠠᠨ ᠲᠣᠭᠲᠠᠭᠠᠨ᠎ᠠ᠃ | ᠠᠭᠤᠷᠬᠠᠢ ᠶᠢᠨ ᠭᠠᠷᠤᠯᠲᠠ ᠨᠡᠭᠡᠭᠡᠨ ᠮᠠᠯᠲᠠᠬᠤ ᠠᠵᠢᠯ ᠬᠢᠵᠦ ᠪᠠᠶᠢᠭ᠎ᠠ ᠴᠡᠪᠡᠷᠯᠡᠨ ᠬᠠᠳᠠᠭᠠᠵᠦ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠥᠨ ᠳᠤ᠂ ︽ | ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ︾ ᠶᠢᠨ ᠬᠤᠷᠢᠨ ᠵᠢᠷᠭᠤᠳᠤᠭᠠᠷ ᠵᠦᠢᠯ ᠳᠤ | ᠲᠣᠭᠲᠠᠭᠠᠭᠰᠠᠨ ᠪᠠᠶᠢᠳᠠᠯ ᠪᠠᠶᠢᠪᠠᠯ᠂ ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠠᠷᠭ᠎ᠠ ᠶᠢ ᠠᠪᠤᠭᠰᠠᠨ ᠤ ᠲᠠᠷᠠᠭ᠎ᠠ ᠲᠡᠭᠦᠨ ᠤ ᠲᠠᠲᠠᠵᠤ ᠬᠡᠷᠡᠭᠯᠡᠭᠰᠡᠨ ᠤᠰᠤᠨ ᠤ | ᠬᠡᠮᠵᠢᠶ᠎ᠡ ᠶᠢ ᠮᠥᠨ ᠬᠦ ᠬᠢᠨᠠᠨ ᠲᠣᠭᠲᠠᠭᠠᠵᠤ ᠳᠡᠶᠢᠯᠬᠦ ᠦᠭᠡᠢ ᠪᠤᠶᠤ ᠲᠠᠲᠠᠵᠤ ᠬᠡᠷᠡᠭᠯᠡᠭᠰᠡᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠭᠰᠠᠨ ᠨᠢ ᠣᠨᠣᠪᠴᠢ ᠦᠭᠡᠢ | ᠪᠠᠶᠢᠳᠠᠯ ᠤᠨ ᠳᠣᠣᠷ᠎ᠠ᠂ ᠠᠭᠤᠷᠬᠠᠢ ᠶᠢᠨ ᠨᠢᠭᠡᠴᠢ ᠭᠠᠷᠤᠯᠲᠠ ᠶᠢᠨ ᠬᠡᠮᠵᠢᠶ᠎ᠡ ᠪᠠᠷ ᠲᠠᠲᠠᠵᠤ ᠬᠡᠷᠡᠭᠯᠡᠬᠦ ᠪᠥᠬᠦ ᠤᠰᠤᠨ ᠤ ᠬᠡᠮᠵᠢᠶ᠎ᠡ ᠶᠢ ᠨᠤᠭᠤᠯᠤᠨ ᠪᠤᠳᠤᠬᠤ ᠬᠡᠷᠡᠭᠲᠡᠢ᠂ | ᠡᠭᠦᠨ ᠳᠤ᠂ ᠲᠦᠭᠦᠬᠡᠢ ᠴᠢᠯᠠᠭᠤᠨ ᠲᠣᠰᠣ ᠶᠢ ᠪᠣᠯ ᠲᠣᠨ ᠪᠦᠷᠢ ᠳᠤ 6 ᠺᠦᠪ ᠮᠧᠳ᠋ᠷ ᠤᠰᠤ ᠲᠠᠲᠠᠵᠤ ᠬᠡᠷᠡᠭᠯᠡᠭᠰᠡᠨ ᠬᠡᠮᠵᠢᠶ᠎ᠡ ᠪᠠᠷ ᠨᠤᠭᠤᠯᠤᠨ ᠪᠤᠳᠤᠵᠤ᠂ ᠨᠡᠭᠦᠷᠡᠰᠦ | ᠵᠡᠷᠭᠡ ᠪᠤᠰᠤᠳ ᠠᠭᠤᠷᠬᠠᠢ ᠶᠢᠨ ᠭᠠᠷᠤᠯᠲᠠ ᠶᠢ ᠪᠣᠯ ᠲᠣᠨ ᠪᠦᠷᠢ ᠳᠤ ᠪᠤᠶᠤ ᠺᠦᠪ ᠮᠧᠳ᠋ᠷ ᠪᠦᠷᠢ ᠳᠤ 2.5 ᠺᠦᠪ ᠮᠧᠳ᠋ᠷ ᠤᠰᠤ ᠲᠠᠲᠠᠵᠤ ᠬᠡᠷᠡᠭᠯᠡᠭᠰᠡᠨ | ᠬᠡᠮᠵᠢᠶ᠎ᠡ ᠪᠠᠷ ᠨᠤᠭᠤᠯᠤᠨ ᠪᠣᠳᠣᠨ᠎ᠠ᠃ | ᠶᠢᠰᠦ᠂ ᠤᠰᠤᠨ ᠤ ᠡᠬᠢ ᠰᠣᠷᠪᠤᠯᠵᠢ ᠶᠢᠨ ᠭᠠᠶᠢᠯᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ︾᠂ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠬᠡᠷᠡᠭᠵᠢᠭᠦᠯᠬᠦ ᠠᠷᠭ᠎ᠠ︾᠂ ︽ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠤᠨ ᠲᠤᠬᠠᠢ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠵᠠᠷ︾ ᠪᠠ ᠲᠤᠰ | ᠮᠡᠳᠡᠭᠳᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠲᠠᠪᠤᠷᠢᠯᠠᠨ ᠬᠠᠮᠢᠶᠠᠷᠤᠨ᠎ᠠ᠃ | ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠲᠤ ᠤᠤᠯ ᠤᠨ ᠲᠠᠲᠠᠪᠤᠷᠢᠯᠠᠨ ᠬᠠᠮᠢᠶᠠᠷᠬᠤ ᠬᠡᠪ ᠵᠠᠭᠪᠤᠷ ᠢᠶᠠᠨ | ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠤᠯᠤᠰ ᠠᠴᠠ ᠲᠣᠭᠲᠠᠭᠠᠭᠰᠠᠨ ᠠᠷᠭ᠎ᠠ ᠶᠢᠨ ᠲᠣᠭᠲᠠᠭᠠᠯ | ᠶᠣᠰᠣᠭᠠᠷ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠬᠦ ᠶᠢᠨ ᠬᠠᠮᠲᠤ᠂ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠣᠬᠢᠷᠠᠭᠤᠯᠤᠯᠲᠠ ᠪᠠᠨ ᠪᠤᠲᠠᠲᠠᠶᠢᠵᠢᠭᠤᠯᠤᠨ᠎ᠠ᠂ ᠪᠣᠳᠠᠲᠠᠢ ᠲᠣᠬᠢᠷᠠᠭᠤᠯᠤᠯᠲᠠ ᠶᠢᠨ ᠵᠦᠢᠯᠡᠰ ᠢ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠠᠰ ᠲᠤ ᠨᠢ ᠲᠣᠭᠲᠠᠭᠠᠨ᠎ᠠ᠃ | ᠠᠷᠪᠠ᠂ ᠸᠠᠨ ᠵᠢᠶᠠ ᠵᠠᠢ᠂ ᠨᠢᠷᠭᠢ᠂ ᠬᠠᠶᠢᠷᠤᠪ ᠤᠨ ᠲᠣᠬᠤᠢ᠂ ᠰᠠᠨ ᠱᠧᠩ ᠭᠦᠩ ᠵᠡᠷᠭᠡ ᠶᠡᠷᠦᠩᠬᠡᠶᠢᠯᠡᠭᠰᠡᠨ ᠤᠰᠤᠨ ᠠᠰᠢᠭᠯᠠᠯᠲᠠ ᠶᠢᠨ ᠬᠦᠢᠰᠦ | ᠢᠨᠵᠧᠨᠧᠷᠢᠩ ᠤᠨ ᠤᠰᠤᠨ ᠬᠦᠴᠦᠨ ᠢᠶᠠᠷ ᠴᠠᠬᠢᠯᠭᠠᠨ ᠭᠠᠷᠭᠠᠵᠤ ᠲᠠᠲᠠᠨ ᠬᠡᠷᠡᠭᠯᠡᠬᠦ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠮᠤᠵᠢ ︵ᠣᠷᠣᠨ᠂ ᠬᠤᠳᠠ︶ | ᠠᠯᠤᠰᠯᠠᠭᠰᠠᠨ ᠤ ᠬᠤᠭᠤᠷᠣᠨᠳᠣᠬᠢ ᠬᠤᠪᠢᠶᠠᠷᠢᠯᠠᠯᠲᠠ ᠶᠢᠨ ᠬᠠᠷᠢᠴᠠᠯ ᠢ ︽ᠮᠤᠵᠢ ᠣᠷᠣᠨ ᠠᠯᠤᠰᠯᠠᠭᠰᠠᠨ ᠤᠰᠤᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ | ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠶᠢᠨ ᠲᠤᠬᠠᠢ ᠡᠳ᠋ ᠤᠨ ᠵᠠᠰᠠᠭ ᠤᠨ ᠶᠠᠮᠤᠨ ᠤ ᠵᠢᠯᠤᠭᠤᠳᠬᠤ ᠰᠠᠨᠠᠯ︾ ︵ᠡᠳ᠋ ᠤᠨ ᠵᠠᠰᠠᠭ ᠲᠥᠰᠥᠪ 〔2008〕 | 84 ᠳ᠋ᠦ᠋ᠭᠡᠷ ᠲᠣᠭᠠᠲᠤ︶ ᠳᠤ ᠲᠣᠳᠣᠷᠬᠠᠢ ᠲᠣᠭᠲᠠᠭᠠᠭᠰᠠᠨ ᠦᠷᠳᠡᠭ ᠨᠡᠮᠡᠭᠳᠡᠯ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠵᠡᠷᠭᠡ | ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠶᠢᠨ ᠠᠷᠭ᠎ᠠ ᠪᠠᠷ ᠲᠣᠭᠲᠠᠭᠠᠨ᠎ᠠ︔ ᠠᠶᠢᠮᠠᠭ ᠬᠤᠲᠠ ᠠᠯᠤᠰᠯᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ | ᠠᠯᠤᠰᠯᠠᠭᠰᠠᠨ ᠤ ᠬᠤᠭᠤᠷᠣᠨᠳᠣᠬᠢ ᠬᠤᠪᠢᠶᠠᠷᠢᠯᠠᠯᠲᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠯᠤᠭ᠎ᠠ ᠬᠠᠮᠲᠤᠷᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠲᠣᠰ ᠮᠡᠳᠡᠭᠳᠡᠯ ᠢ ᠬᠡᠷᠡᠭᠵᠢᠭᠦᠯᠬᠦ ᠠᠴᠠ ᠡᠮᠦᠨ᠎ᠡ᠂ ᠨᠢᠭᠡᠨᠲᠡ ᠲᠣᠳᠣᠷᠬᠠᠢ ᠬᠤᠪᠢᠶᠠᠷᠢᠯᠠᠯᠲᠠ ᠶᠢᠨ | ᠬᠠᠷᠢᠴᠠᠯ ᠲᠠᠢ ᠪᠠᠶᠢᠭᠰᠠᠨ ᠪᠣᠯ᠂ ᠮᠥᠨ ᠤᠤᠯ ᠤᠨ ᠬᠤᠪᠢᠶᠠᠷᠢᠯᠠᠯᠲᠠ ᠶᠢᠨ ᠬᠠᠷᠢᠴᠠᠯ ᠢᠶᠠᠷ ᠬᠡᠷᠡᠭᠵᠢᠭᠦᠯᠦᠨ᠎ᠡ᠃ | ᠠᠷᠪᠠᠨ ᠨᠢᠭᠡ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠲᠤᠰᠢᠶᠠᠭᠰᠠᠨ ᠤᠰᠤᠨ ᠤ ᠡᠬᠢ ᠰᠣᠷᠪᠤᠯᠵᠢ ᠶᠢᠨ | ᠭᠠᠶᠢᠯᠢ ᠶᠢ ᠲᠦᠭᠡᠭᠡᠯ ᠤᠰᠤᠨ ᠤ ᠦᠨ᠎ᠡ ᠬᠠᠩᠰᠢ ᠳᠤ ᠪᠤᠳᠤᠵᠤ ᠣᠷᠣᠭᠤᠯᠬᠤ ᠦᠭᠡᠢ᠂ ᠦᠵᠦᠭᠦᠷ ᠤᠨ ᠶᠡᠷᠦᠩᠬᠡᠶᠢᠯᠡᠭᠰᠡᠨ ᠤᠰᠤᠨ ᠤ ᠦᠨ᠎ᠡ ᠬᠠᠩᠰᠢ ᠳᠤ ︽ | ᠥᠷᠲᠡᠭ ᠨᠡᠮᠡᠭᠳᠡᠯ ᠤᠨ ᠭᠠᠶᠢᠯᠢ ᠥᠯᠥ ᠲᠠᠲᠠᠪᠤᠷᠢᠯᠠᠬᠤ ᠲᠦᠭᠡᠭᠡᠯ ᠤᠰᠤ︾ ᠪᠠᠷ ᠠᠰ ᠲᠤ ᠨᠢ ᠵᠢᠭᠰᠠᠭᠠᠬᠤ ᠶᠢᠨ ᠬᠠᠮᠲᠤ ᠥᠷᠲᠡᠭ ᠨᠡᠮᠡᠭᠳᠡᠯ ᠤᠨ ᠭᠠᠶᠢᠯᠢ ᠶᠢᠨ | ᠭᠠᠶᠢᠯᠢ ᠪᠤᠳᠤᠬᠤ ᠦᠨᠳᠦᠰᠦᠯᠡᠯ ᠠᠴᠠ ᠰᠠᠭᠤᠯᠭᠠᠨ ᠠᠪᠴᠤ ᠪᠣᠯᠣᠨ᠎ᠠ᠃ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠬᠤᠭᠤᠴᠠᠭᠠᠨ ᠳᠤ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠨᠤᠷᠮ᠎ᠠ ᠶᠢ ᠦᠨᠳᠦᠰᠦᠯᠡᠨ ᠲᠤᠰ ᠭᠠᠵᠠᠷ ᠣᠷᠣᠨ ᠤ ᠪᠠᠨ ︽ | ᠦᠷᠳᠡᠭ ᠨᠡᠮᠡᠭᠳᠡᠯ ᠤᠨ ᠭᠠᠶᠢᠯᠢ ᠥᠯᠥ ᠲᠠᠲᠠᠪᠤᠷᠢᠯᠠᠬᠤ ᠲᠦᠭᠡᠭᠡᠯ ᠤᠰᠤ︾ ᠶᠢ ᠬᠡᠮᠵᠢᠨ ᠪᠤᠳᠤᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠦᠵᠦᠭᠦᠷ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠪᠦᠲᠦᠴᠡ ᠶᠢ ᠠᠯᠬᠤᠮ | ᠠᠯᠬᠤᠮ ᠢᠶᠠᠷ ᠲᠣᠬᠢᠷᠠᠭᠤᠯᠤᠨ ᠪᠤᠲᠠᠲᠠᠶᠢᠵᠢᠭᠤᠯᠵᠤ᠂ ᠵᠠᠷᠴᠢᠮ ᠳᠡᠭᠡᠷ᠎ᠡ ᠪᠠᠨ ᠥᠭᠡᠷᠡᠴᠢᠯᠡᠯᠲᠡ ᠬᠢᠭᠰᠡᠨ ᠠᠴᠠ ᠪᠣᠯᠵᠤ ᠤᠰᠤ ᠬᠡᠷᠡᠭᠯᠡᠬᠦ ᠳᠠᠷᠤᠭᠠᠰᠤ ᠶᠢ ᠨᠢ | ᠨᠡᠮᠡᠭᠳᠡᠭᠦᠯᠵᠦ ᠪᠣᠯᠬᠤ ᠦᠭᠡᠢ ᠶᠤᠮ᠃ | ᠠᠷᠪᠠᠨ ᠬᠤᠶᠠᠷ᠂ ᠤᠰᠤᠨ ᠤ ᠡᠬᠢ ᠰᠣᠷᠪᠤᠯᠵᠢ ᠶᠢᠨ ᠭᠠᠶᠢᠯᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠬᠤᠭᠤᠷᠣᠨᠳᠤ ᠪᠠᠨ ᠣᠲᠣ ᠶᠢᠨ | ᠬᠡᠷᠡᠭᠵᠢᠭᠦᠯᠵᠦ ᠪᠠᠶᠢᠭ᠎ᠠ 65᠄ 35 ᠶᠢᠨ ᠬᠤᠪᠢᠳᠠᠬᠤ ᠬᠠᠷᠢᠴᠠᠯ ᠢᠶᠠᠷ ᠬᠤᠪᠢᠶᠠᠷᠢᠯᠠᠵᠤ᠂ ᠣᠷᠣᠯᠭ᠎ᠠ ᠶᠢᠨ ᠬᠤᠪᠢᠶᠠᠷᠢᠯᠠᠯᠲᠠ ᠳᠤ ᠬᠡᠷᠪᠡ ᠥᠪᠡᠷᠲᠡᠭᠡᠨ ᠵᠠᠰᠠᠬᠤ | ᠣᠷᠣᠨ ᠤ ᠲᠥᠷᠥ ᠶᠢᠨ ᠪᠣᠳᠣᠯᠭ᠎ᠠ ᠪᠠᠨ ᠲᠣᠬᠢᠷᠠᠭᠤᠯᠬᠤ ᠪᠠᠶᠢᠳᠠᠯ ᠲᠣᠬᠢᠶᠠᠯᠳᠤᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ︔ ᠠᠶᠢᠮᠠᠭ ᠬᠤᠲᠠ ᠬᠢᠭᠡᠳ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠤᠭᠤᠷᠣᠨᠳᠣᠬᠢ ᠬᠤᠪᠢᠳᠠᠬᠤ ᠬᠠᠷᠢᠴᠠᠯ ᠢ ᠡᠯ᠎ᠡ ᠠᠶᠢᠮᠠᠭ ᠬᠤᠲᠠ ᠦᠪᠡᠰᠦᠪᠡᠨ ᠲᠣᠭᠲᠠᠭᠠᠨ᠎ᠠ᠃ | ᠠᠷᠪᠠᠨ ᠭᠤᠷᠪᠠ᠂ ᠳᠡᠭᠡᠷᠡᠬᠢ ᠲᠣᠭᠲᠠᠭᠠᠯ ᠢ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ | ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ 〔2017〕 157 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ | ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀ ᠶᠢᠨ ᠬᠤᠯᠪᠣᠭᠳᠠᠯ ᠪᠦᠬᠦᠢ ᠠᠭᠤᠯᠭ᠎ᠠ ᠳᠤ ᠵᠠᠰᠠᠪᠤᠷᠢ | ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠥᠰᠥᠭ | 〔2019〕 90 ᠳ᠋ᠦ᠋ᠭᠡᠷ ᠲᠣᠭᠠᠲᠤ︶᠂ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠶᠢᠨ ᠴᠢᠨᠠᠷᠲᠠᠢ ᠲᠠᠷᠢᠵᠤ ᠤᠷᠭᠤᠭᠤᠯᠬᠤ᠂ | ᠲᠡᠵᠢᠭᠡᠨ ᠦᠷᠡᠵᠢᠭᠦᠯᠬᠦ ᠳᠤ ᠬᠡᠷᠡᠭᠯᠡᠬᠦ ᠤᠰᠤ ᠶᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠠᠲᠠᠵᠤ ᠬᠡᠷᠡᠭᠯᠡᠬᠦ ᠤᠰᠤᠨ ᠤ ᠬᠡᠪᠴᠢᠶ᠎ᠡ ᠴᠠᠭ ᠤᠨ | ᠬᠢᠵᠠᠭᠠᠷ ᠵᠡᠷᠭᠡ ᠠᠭᠤᠯᠭ᠎ᠠ ᠳᠤ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠥᠪᠥᠷ ᠵᠠᠰᠠᠭ ᠥᠰᠥᠭ 〔2023〕192 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ | ᠰᠣᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠠᠷᠭ᠎ᠠ﹀ ᠶᠢᠨ ᠨᠥᠬᠦᠪᠦᠷᠢ ᠲᠣᠭᠲᠠᠭᠠᠯ﹀ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠭᠠᠶᠢᠯᠢ 〔2019〕 91 ᠳ᠋ᠦ᠋ᠭᠡᠷ ᠲᠣᠭᠠᠲᠤ︶ ᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | 2024 ᠣᠨ ᠤ 12 ᠳ᠋ᠤᠭᠠᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | | | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠰᠣᠷᠪᠤᠯᠵᠢ ᠶᠢᠨ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ | ᠲᠣᠭᠠᠨ ᠤ ᠬᠦᠰᠦᠨᠦᠭᠲᠦ | | | |