1-2 ᠳ᠋ᠤᠭᠠᠷ ᠰᠠᠷ᠎ᠠ ᠳᠤ᠂ ᠪᠥᠬᠦ ᠣᠷᠣᠨ ᠤ ᠡᠯ᠎ᠡ ᠰᠠᠯᠠᠭ᠎ᠠ ᠮᠥᠴᠢᠷ ᠤᠳ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠳᠬᠡᠨ | ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠂ ᠰᠢᠨ᠎ᠡ ᠬᠥᠳᠡᠯᠭᠡᠭᠴᠢ | ᠡᠨᠧᠷᠭᠢ ᠰᠢᠨ᠎ᠡ ᠳᠠᠪᠠᠭᠤᠯᠢᠭ ᠢ ᠶᠡᠬᠡᠪᠡᠷ ᠪᠤᠶᠢᠵᠢᠭᠤᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠲᠠᠢ | ᠪᠣᠯᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 5.8% ᠨᠡᠮᠡᠭᠳᠡᠪᠡ᠃ ᠭᠤᠷᠪᠠᠨ ᠶᠡᠭᠡ ᠲᠥᠷᠥᠯ ᠠᠴᠠ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠵᠦ᠂ ᠦᠢᠯᠡᠳᠬᠦ ᠦᠢᠯᠡᠰ 10.3% ᠨᠡᠮᠡᠭᠳᠡᠪᠡ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 7.1% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠣᠰ ᠲᠣᠰ 1.3᠂ 3.2 ᠪᠠ 1.3 ᠵᠠᠭᠤᠨ ᠤ ᠬᠤᠪᠢ ᠶᠢᠨ ᠴᠡᠭ ᠨᠡᠮᠡᠭᠳᠡᠪᠡ᠃ | ᠬᠤᠶᠠᠷ᠂ ᠵᠢᠷᠭᠤᠭᠠᠨ ᠬᠤᠪᠢ ᠶᠢᠨ ᠠᠵᠢᠯ ᠲᠦᠷᠦᠯ ᠪᠠ ᠦᠢᠯᠡᠳᠬᠦᠨ ᠨᠡᠮᠡᠭᠳᠡᠯ ᠢ ᠪᠡᠶᠡᠯᠡᠬᠦᠯᠪᠡ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 38 ᠲᠣᠮᠣ ᠲᠥᠷᠥᠯ ᠤᠨ ᠠᠵᠢᠯ ᠲᠥᠷᠥᠯ ᠤᠨ | ᠳᠣᠲᠣᠷ᠎ᠠ᠂ 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠵᠦ᠂ 68.4% ᠪᠠᠷ ᠨᠡᠮᠡᠭᠳᠡᠪᠡ᠃ ᠡᠭᠦᠨ ᠳᠤ ᠬᠢᠮᠢ᠂ ᠺᠣᠮᠫᠢᠦ᠋ᠲ᠋ᠧᠷ ᠵᠡᠷᠭᠡ 16 ᠠᠵᠢᠯ | ᠲᠥᠷᠥᠯ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠪᠦᠷᠢᠳᠬᠡᠭᠰᠡᠨ 234 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 139 | ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 59.4% ᠪᠠᠶᠢᠪᠠ᠃ | ᠭᠤᠷᠪᠠ᠂ ᠦᠢᠯᠡᠳᠬᠦ ᠦᠢᠯᠡᠰ ᠤᠨ ᠬᠤᠪᠢ ᠨᠡᠮᠡᠷᠢ ᠢᠯᠡᠳᠲᠡ | 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 10.3% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ | ᠨᠡᠮᠡᠷᠢ ᠶᠢᠨ ᠨᠣᠷᠮ᠎ᠠ ᠨᠢ 55.5% ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠢ ᠲᠤᠯᠭᠠᠭᠤᠷᠢᠯᠠᠬᠤ ᠴᠢᠬᠤᠯᠠ ᠬᠦᠴᠦᠨ ᠪᠣᠯᠵᠠᠶ᠃ ᠡᠭᠦᠨ ᠳᠤ᠂ ᠲᠠᠷᠢᠶᠠᠯᠠᠩ | ᠲᠤᠰᠠᠯᠠᠬᠤ ᠠᠵᠤ ᠠᠬᠤᠶ ᠶᠢᠨ ᠢᠳᠡᠭᠡᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.0% ᠪᠠᠷ ᠨᠡᠮᠡᠭᠳᠡᠵᠦ᠂ ᠬᠢᠮᠢ ᠶᠢᠨ | ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ 10.9% ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ 18.4% ᠪᠠᠷ | ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠩᠭᠠᠬᠤ ᠡᠳ᠋ᠰᠢᠭᠦᠯᠬᠦ ᠦᠢᠯᠡᠰ 16.1% ᠪᠠᠷ ᠨᠡᠮᠡᠭᠳᠡᠵᠦ᠂ ᠴᠥᠮ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃ | ᠳᠥᠷᠪᠡ᠂ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠪᠠ | ᠨᠢᠭᠡ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠵᠦ | ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18.8 ᠵᠠᠭᠤᠨ ᠤ ᠬᠤᠪᠢ ᠶᠢᠨ ᠴᠡᠭ ᠠᠴᠠ ᠥᠨᠳᠥᠷ ᠪᠣᠯᠵᠣ᠂ ᠪᠥᠬᠦ ᠣᠷᠣᠨ ᠤ | ᠠᠵᠤ ᠦᠢᠯᠡᠳᠪᠦᠷᠢ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠲᠥᠯᠦᠨ ᠵᠢᠯᠣᠭᠤᠳᠴᠤ ᠰᠢᠨ᠎ᠡ ᠪᠠᠷ ᠬᠥᠭᠵᠢᠪᠡ᠃ ᠬᠤᠶᠠᠷ ᠲᠤ᠂ ᠠᠵᠤ ᠦᠢᠯᠡᠳᠪᠦᠷᠢ ᠶᠢᠨ | ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠤᠶᠢᠵᠢᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 40.5% ᠨᠡᠮᠡᠭᠳᠡᠵᠦ᠂ ᠠᠵᠤ ᠦᠢᠯᠡᠳᠪᠦᠷᠢ ᠶᠢᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ 19.5% ᠨᠡᠮᠡᠭᠳᠡᠵᠦ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ 33.5% ᠨᠡᠮᠡᠭᠳᠡᠵᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ 51.9% ᠨᠡᠮᠡᠭᠳᠡᠵᠦ᠂ ᠴᠥᠮ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠭᠤᠷᠪᠠ ᠳᠤ᠂ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ 1-2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠨᠡᠷᠡᠨ ᠤ | ᠡᠨᠧᠷᠭᠢ ᠶᠢᠨ ᠳ᠋ᠢᠶᠠᠨ ᡂᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.8 ᠳᠠᠬᠢᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ 2.4 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠪᠣᠯᠤᠨ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ | ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠭᠠᠷᠤᠯᠲᠠ ᠲᠣᠰ ᠲᠣᠰ ᠠᠳᠠᠯᠢ ᠬᠤᠭᠤᠴᠠᠭᠠᠨ ᠤ ᠬᠢ ᠠᠴᠠ 43.5%᠂ 47.8% ᠪᠠ 66.2% ᠨᠡᠮᠡᠭᠳᠡᠪᠡ᠃ |