ᠬᠤᠲᠠ ᠶᠢᠨ ᠬᠢᠨᠠᠨ ᠪᠤᠳᠤᠬᠤ ᠲᠣᠪᠴᠢᠶ᠎ᠠ᠄ ︽ᠦᠵᠡᠵᠦ ᠰᠣᠨᠣᠰᠬᠤ︾ ᠬᠢᠨᠠᠨ ᠪᠤᠳᠤᠬᠤ ᠠᠷᠭ᠎ᠠ ᠪᠠᠷ ︽ᠡᠪᠡᠳᠴᠢᠨ ᠤ ᠭᠤᠯᠣᠮᠲᠠ︾ ᠡᠷᠢᠵᠦ ᠪᠥᠬᠦ ᠬᠤᠲᠠ ᠶᠢᠨ ᠣᠷᠣᠰᠢᠭᠤᠯᠭ᠎ᠠ ᠶᠢᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/4/15
    ᠵᠠᠯᠠᠨ ᠠᠶᠢᠯ ᠬᠤᠲᠠ ᠶᠢᠨ ᠬᠢᠨᠠᠨ ᠪᠤᠳᠤᠬᠤ ᠲᠣᠪᠴᠢᠶ᠎ᠠ ᠪᠥᠬᠦ ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠰᠬᠠᠢ ᠬᠢᠨᠠᠨ ᠪᠣᠳᠣᠯᠲᠠ ᠳᠤ᠂ ᠰᠤᠳᠤᠯᠭᠠᠨ ᠤ ᠬᠡᠯᠪᠡᠷᠢ ᠶᠢᠨ ᠬᠢᠨᠠᠨ ᠪᠣᠳᠣᠯᠲᠠ ᠶᠢ ᠪᠣᠳᠠᠲᠠᠶᠢᠵᠢᠭᠤᠯᠤᠨ ᠨᠠᠷᠢᠯᠢᠭ ᠬᠢᠬᠦ ᠶᠢ ᠪᠠᠷᠢᠮᠲᠠᠯᠠᠵᠤ᠂ ︽ᠦᠵᠡᠬᠦ᠂ ᠰᠣᠨᠣᠰᠬᠤ᠂ ᠠᠰᠠᠭᠤᠬᠤ ᠂ ᠪᠠᠷᠢᠬᠤ︾ ᠳᠥᠷᠪᠡᠨ ᠠᠯᠬᠤᠮ ᠤᠨ ᠠᠷᠭ᠎ᠠ ᠶᠢ ᠬᠡᠷᠡᠭᠯᠡᠨ᠂ ᠣᠷᠣᠰᠢᠭᠤᠯᠭ᠎ᠠ ᠶᠢᠨ ᠠᠵᠢᠯ ᠲᠥᠷᠥᠯ ᠳᠤ ᠰᠤᠳᠠᠯ ᠪᠠᠷᠢᠵᠤ᠂ ᠬᠢᠨᠠᠨ ᠪᠣᠳᠣᠯᠲᠠ ᠶᠢᠨ ︽ᠨᠢᠭᠡᠨᠲᠡ ᠡᠪᠡᠳᠴᠢᠯᠡᠭᠰᠡᠨ ᠢ ᠵᠠᠰᠠᠬᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃    ︽ᠦᠵᠡᠬᠦ︾ ᠨᠢ ᠦᠡᠭᠭᠡᠨ ᠲᠠᠯ᠎ᠠ ᠠᠴᠠ ᠭᠦᠨ ᠲᠠᠯ᠎ᠠ ᠳᠤ ᠣᠷᠣᠳᠠᠭ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠤᠨ ᠠᠭᠤᠯᠭ᠎ᠠ᠂ ᠶᠠᠪᠤᠴᠠ᠂ ᠳᠦᠷᠢᠮ᠂ ᠪᠡᠯᠡ ᠮᠥᠩᠭᠦ ᠵᠡᠷᠭᠡ ᠲᠠᠯ᠎ᠠ ᠠᠴᠠ ᠭᠠᠷᠳᠠᠵᠤ᠂ ᠬᠢᠨᠠᠨ ᠪᠤᠳᠤᠬᠤ ᠠᠵᠢᠯᠲᠠᠳ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠵᠢᠯᠣᠭᠤᠴᠢ ᠦᠭᠡᠢ ᠨᠢᠰᠬᠡᠯ ᠢᠶᠠᠷ ᠰᠡᠭᠦᠳᠡᠷᠯᠡᠬᠦ᠂ ᠲᠠᠩᠰᠠ ᠬᠠᠷ᠎ᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠵᠦ᠂ ᠡᠭᠦᠨ ᠤ ᠤᠯᠠᠮ ᠢᠶᠠᠷ ᠬᠢᠨᠠᠨ ᠪᠤᠳᠤᠬᠤ ᠠᠵᠢᠯ ᠤᠨ ᠭᠠᠷᠳᠠᠬᠤ ᠴᠡᠭ᠂ ᠭᠤᠣᠯᠳᠠᠯᠭ᠎ᠠ ᠪᠠ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠢᠨᠠᠨ ᠪᠤᠳᠤᠬᠤ ᠰᠡᠳᠬᠢᠮᠵᠢ ᠪᠠᠨ ᠰᠢᠯᠢᠳᠡᠭᠵᠢᠭᠦᠯᠦᠨ᠂ ᠬᠢᠨᠠᠨ ᠪᠤᠳᠤᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠬᠢᠨᠠᠨ ᠪᠤᠳᠤᠬᠤ ᠲᠥᠰᠥᠯ ᠢᠶᠠᠨ ᠨᠠᠷᠢᠯᠢᠭᠵᠢᠭᠤᠯᠵᠤ᠂ ︽ᠬᠠᠷᠠᠯᠲᠠ ᠲᠠᠢ ᠪᠠᠷ ᠰᠤᠮᠤ ᠬᠠᠷᠪᠤᠬᠤ︾ ᠶᠢ ᠨᠢ ᠪᠠᠶᠢᠴᠠᠭᠠᠵᠤ᠂ ᠬᠢᠨᠠᠨ ᠪᠠᠶᠢᠴᠠᠭᠠᠬᠤ ᠶᠢ ᠪᠡᠶᠡᠯᠡᠭᠦᠯᠪᠡ᠃    ︽ᠰᠣᠨᠣᠰᠬᠤ︾ ᠭᠡᠳᠡᠭ ᠨᠢ ᠣᠷᠣ ᠮᠥᠷ  ᠢ ᠨᠢ ᠰᠣᠨᠣᠰᠬᠤ ᠶᠤᠮ᠃ ᠮᠡᠳᠡᠭᠡ ᠵᠠᠩᠭᠢ ᠶᠢᠨ ᠠᠷᠭ᠎ᠠ ᠵᠠᠮ ᠢ ᠥᠷᠭᠡᠳᠬᠡᠬᠦ ᠪᠠᠷ ᠳᠠᠮᠵᠢᠭᠤᠯᠤᠨ᠂ ᠬᠢᠨᠠᠨ ᠪᠣᠳᠣᠯᠲᠠ ᠶᠢᠨ ᠰᠦᠪᠡᠭᠴᠢ ᠪᠠ ᠳᠥᠲᠡ ᠵᠠᠮ ᠢ ᠣᠯᠬᠤ ᠬᠡᠷᠡᠭᠲᠡᠢ᠂ ᠨᠢᠭᠡ ᠳᠤ ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠂ ᠡᠳ᠋ ᠤᠨ ᠶᠠᠪᠤᠳᠠᠯ ᠤᠨ ᠠᠵᠢᠯᠲᠠᠨ᠂ ᠨᠢᠭᠡᠳᠦᠭᠡᠷ ᠹᠷᠣᠨᠲ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠵᠡᠷᠭᠡ ᠶᠢᠨ ᠨᠢᠭᠡᠴᠡ ᠶᠢᠨ ᠦᠨᠳᠦᠰᠦᠨ ᠪᠠᠶᠢᠳᠠᠯ᠂ ᠠᠵᠢᠯ ᠤᠨ ᠠᠭᠤᠯᠭ᠎ᠠ᠂ ᠲᠤᠬᠠᠶᠢᠯᠠᠭᠰᠠᠨ ᠠᠵᠢᠯ ᠤᠨ ᠶᠠᠪᠤᠴᠠ ᠵᠡᠷᠭᠡ ᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ᠎ᠠ︔ ᠬᠤᠶᠠᠷ ᠲᠤ ᠰᠦᠯᠵᠢᠶᠡᠨ ᠤ ᠬᠠᠭᠤᠳᠠᠰᠤ ᠪᠠᠷ ᠳᠠᠮᠵᠢᠭᠤᠯᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠰᠦᠢᠳᠬᠡᠯ ᠬᠤᠷᠢᠶᠠᠬᠤ ᠪᠠᠷᠢᠮᠵᠢᠶ᠎ᠠ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠬᠢᠨᠠᠯᠲᠠ ᠵᠡᠷᠭᠡ ᠪᠠᠶᠢᠳᠠᠯ ᠢ ᠪᠠᠶᠢᠴᠠᠭᠠᠨ ᠯᠠᠪᠯᠠᠨ᠎ᠠ︔ ᠭᠤᠷᠪᠠ ᠳᠤ᠂ ︽ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠬᠤ︾ ᠶᠢᠨ ᠬᠤᠯᠪᠣᠯᠳᠤᠨ ᠬᠥᠳᠡᠯᠦᠯᠴᠡᠬᠦ ᠵᠠᠭᠪᠤᠷ ᠢ ᠭᠦᠢᠴᠡᠳ ᠠᠰᠢᠭᠯᠠᠨ᠂ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠶᠢᠨ ᠪᠠᠶᠢᠴᠠᠭᠠᠵᠤ ᠭᠠᠷᠭᠠᠭᠰᠠᠨ ᠬᠠᠮᠢᠶ᠎ᠠ ᠪᠦᠬᠦᠢ ᠠᠰᠠᠭᠤᠳᠠᠯ ᠤᠨ ᠠᠭᠤᠯᠭ᠎ᠠ ᠶᠢ ᠣᠶᠢᠯᠠᠭᠠᠵᠤ᠂ ᠶᠡᠷᠦᠩᠬᠡᠶᠢᠯᠡᠨ ᠵᠠᠳᠠᠯᠵᠤ᠂ ᠨᠢᠭᠡᠨᠲᠡ ᠡᠵᠡᠮᠰᠢᠭᠰᠡᠨ ᠬᠢᠨᠠᠨ ᠪᠤᠳᠤᠬᠤ ᠮᠠᠲ᠋ᠧᠷᠢᠶᠠᠯ ᠪᠠ ᠲᠣᠭᠲᠠᠭᠠᠭᠰᠠᠨ ᠬᠢᠨᠠᠨ ᠪᠤᠳᠤᠬᠤ ᠵᠦᠢᠯᠡᠰ ᠲᠠᠢ ᠤᠶᠠᠯᠳᠤᠭᠤᠯᠤᠨ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠰᠡᠵᠢᠭ ᠲᠠᠢ ᠭᠠᠵᠠᠷ ᠪᠠ ᠡᠪᠡᠷᠰᠢᠶᠡᠯ ᠲᠠᠢ ᠭᠠᠵᠠᠷ ᠢ ᠢᠯᠡᠷᠡᠭᠦᠯᠦᠨ᠎ᠡ᠃    ︽ᠠᠰᠠᠭᠤᠬᠤ︾  ᠦᠨᠡᠨ ᠬᠤᠳᠠᠯ ᠢ ᠨᠢ ᠭᠡᠷᠡᠴᠢᠯᠡᠨ᠎ᠡ᠃ ᠬᠢᠨᠠᠨ ᠪᠣᠳᠣᠯᠲᠠ ᠶᠢ ᠬᠡᠷᠡᠭᠵᠢᠭᠦᠯᠬᠦ ᠶᠠᠪᠤᠴᠠ ᠳᠤ᠂ ᠢᠯᠡᠷᠡᠭᠦᠯᠦᠭᠰᠡᠨ ᠰᠡᠵᠢᠭ ᠲᠠᠢ ᠵᠦᠢᠯ᠂ ᠬᠦᠴᠢᠷ ᠵᠦᠢᠯ᠂ ᠲᠦᠭᠵᠢᠷᠡᠯ ᠲᠠᠢ ᠵᠦᠢᠯ ᠳᠤ ᠴᠢᠭᠯᠡᠭᠦᠯᠦᠨ᠂ ᠤᠯᠠᠨ ᠲᠡᠰ ᠳᠠᠪᠬᠤᠷᠭ᠎ᠠ ᠪᠠᠷ ᠠᠭᠤᠳᠠᠯᠤᠨ᠎ᠠ᠂ ᠨᠢᠭᠡ ᠳᠤ᠂ ᠬᠢᠨᠠᠨ ᠪᠣᠳᠣᠯᠲᠠ ᠶᠢ ᠬᠦᠯᠢᠶᠡᠭᠰᠡᠨ ᠨᠢᠭᠡᠴᠡ ᠶᠢᠨ ᠬᠠᠷᠢᠭᠤᠴᠠᠯᠭᠠᠲᠠᠨ᠂ ᠬᠢᠨᠠᠨ ᠵᠥᠪᠰᠢᠶᠡᠷᠡᠭᠴᠢ᠂ ᠭᠠᠷᠳᠠᠨ ᠭᠦᠢᠴᠡᠳᠭᠡᠭᠴᠢ ᠠᠴᠠ ᠠᠳᠠᠯᠢ ᠪᠤᠰᠤ ᠳᠠᠪᠬᠤᠷᠭ᠎ᠠ ᠠᠴᠠ ᠣᠶᠢᠯᠠᠭᠠᠨ᠎ᠠ︔ ᠬᠤᠶᠠᠷ ᠲᠤ  ᠳ᠋ᠢᠶᠠᠩᠬᠤᠸᠠ ᠪᠠᠷ ᠠᠰᠠᠭᠤᠨ ᠯᠠᠪᠯᠠᠬᠤ ᠠᠷᠭ᠎ᠠ ᠪᠠᠷ ᠲᠤᠬᠠᠢ ᠶᠢᠨ ᠬᠥᠮᠥᠨ ᠠᠴᠠ ᠥᠩᠭᠡᠷᠡᠭᠰᠡᠨ ᠤ ᠪᠣᠳᠠᠲᠠᠢ ᠪᠠᠶᠢᠳᠠᠯ ᠢ ᠣᠶᠢᠯᠠᠭᠠᠨ᠎ᠠ; ᠭᠤᠷᠪᠠ ᠳᠤ ᠬᠢᠨᠠᠨ ᠪᠣᠳᠣᠯᠲᠠ ᠶᠢᠨ ᠲᠡᠮᠳᠡᠭᠯᠡᠯ ᠤᠨ ᠬᠡᠯᠪᠡᠷᠢ ᠪᠠᠷ ᠬᠤᠯᠪᠣᠭᠳᠠᠯ ᠪᠦᠬᠦᠢ ᠬᠥᠮᠥᠰ ᠲᠠᠢ ᠪᠠᠶᠢᠴᠠᠭᠠᠨ ᠶᠠᠷᠢᠯᠴᠠᠵᠤ᠂  ᠬᠢᠨᠠᠨ ᠪᠣᠳᠣᠯᠲᠠ ᠶᠢᠨ ᠮᠡᠳᠡᠭᠡ ᠵᠠᠩᠭᠢ ᠪᠣᠯᠣᠨ ᠠᠭᠤᠯᠭ᠎ᠠ ᠶᠢ ᠨᠡᠩ ᠤᠯᠠᠨ ᠣᠯᠵᠤ ᠠᠪᠤᠨ᠎ᠠ᠃ ᠨᠢᠭᠡᠨᠲᠡ ᠢᠯᠡᠷᠡᠭᠦᠯᠦᠭᠰᠡᠨ ᠰᠡᠵᠢᠭ ᠲᠠᠢ ᠭᠠᠵᠠᠷ ᠤᠨ ᠰᠦᠪᠡᠭᠴᠢ ᠳᠤ ᠴᠢᠭᠯᠡᠭᠦᠯᠦᠨ᠂ ︽ᠠᠰᠠᠭᠤᠬᠤ︾ ᠪᠠᠷ ᠭᠠᠷᠳᠠᠴᠠ ᠪᠣᠯᠭᠠᠵᠤ᠂ ᠶᠠᠷᠢᠯᠴᠠᠭᠠᠨ ᠤ ᠠᠭᠤᠯᠭ᠎ᠠ  ᠠᠴᠠ ᠠᠰᠠᠭᠤᠳᠠᠯ ᠤᠨ ᠡᠭᠦᠰᠦᠭᠰᠡᠨ ᠰᠢᠯᠲᠠᠭᠠᠨ  ᠢ ᠵᠠᠳᠠᠯᠵᠤ᠂ ᠠᠰᠠᠭᠤᠳᠠᠯ ᠤᠨ ᠦᠨᠡᠨ ᠬᠤᠳᠠᠯ  ᠢ ᠢᠯᠭᠠᠨ ᠲᠠᠨᠢᠬᠤ ᠬᠡᠷᠡᠭᠲᠡᠢ᠃    ︽ᠪᠠᠷᠢᠬᠤ︾᠂ ᠡᠪᠡᠳᠴᠢᠨ ᠳᠤᠨᠢ ᠲᠠᠭᠠᠷᠠᠭᠤᠯᠵᠤ ᠡᠮ ᠥᠭᠭᠦᠨ᠎ᠡ᠃ ᠨᠢᠭᠡ ᠳᠤ᠂ ᠬᠥᠯᠥᠨ ᠪᠤᠶᠢᠷ ᠬᠤᠳᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠳᠠᠯ ᠤᠨ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠠᠵᠢᠯ ᠤᠨ ᠬᠤᠷᠠᠯ ᠳᠤ ᠣᠷᠣᠯᠴᠠᠵᠤ᠂ ᠪᠤᠰᠤᠳ ᠭᠠᠵᠠᠷ ᠣᠷᠣᠨ ᠤ ᠬᠢᠨᠠᠨ ᠪᠣᠳᠣᠯᠲᠠ ᠶᠢᠨ ᠲᠤᠷᠰᠢᠯᠭ᠎ᠠ ᠶᠢ ᠰᠣᠯᠢᠯᠴᠠᠨ ᠰᠤᠷᠤᠯᠴᠠᠵᠤ᠂ ᠬᠢᠨᠠᠨ ᠪᠣᠳᠣᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠤᠶᠠᠷ ᠲᠤ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠵᠢᠷᠤᠮᠵᠢᠯ᠂ ᠳᠦᠷᠢᠮ ᠤᠨ ᠰᠤᠷᠤᠯᠴᠠᠯᠭ᠎ᠠ ᠶᠢ ᠴᠢᠩᠭᠠᠳᠬᠠᠵᠤ᠂ ᠠᠰᠠᠭᠤᠳᠠᠯ ᠤᠨ ︽ᠡᠪᠡᠳᠴᠢᠨ ᠤ ᠭᠤᠯᠣᠮᠲᠠ︾ ᠶᠢ ᠡᠷᠢᠨ ᠭᠠᠷᠭᠠᠵᠤ᠂ ᠬᠢᠨᠠᠨ ᠪᠣᠳᠣᠯᠲᠠ ᠶᠢᠨ ︽ᠵᠣᠷ︾ ᠭᠠᠷᠭᠠᠨ᠎ᠠ︔ ᠭᠤᠷᠪᠠ ᠳᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠭᠠᠵᠠᠷ ᠣᠷᠣᠨ ᠤ ᠬᠥᠭᠵᠢᠯᠲᠡ  ᠶᠢ ᠲᠦᠯᠬᠢᠨ ᠠᠬᠢᠭᠤᠯᠬᠤ  ᠠᠴᠠ ᠠᠰᠠᠭᠤᠳᠠᠯ  ᠢ ᠦᠵᠡᠵᠦ᠂ ᠰᠠᠨᠠᠭᠤᠯᠭ᠎ᠠ ᠳᠤᠷᠠᠳᠴᠤ᠂ ᠣᠷᠣᠰᠢᠭᠤᠯᠭ᠎ᠠ  ᠶᠢᠨ ᠦᠢᠯᠡᠴᠢᠯᠡᠭᠡᠨ ᠤ ᠠᠵᠢᠯ ᠲᠥᠷᠥᠯ ᠳᠤ ᠣᠷᠣᠰᠢᠵᠤ ᠪᠠᠶᠢᠭ᠎ᠠ ᠠᠰᠠᠭᠤᠳᠠᠯ  ᠢ ᠦᠨᠳᠦᠰᠦᠨ ᠠᠴᠠ ᠨᠢ ᠰᠢᠢᠳᠪᠦᠷᠢᠯᠡᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ