ᠬᠠᠤᠯᠢ ᠪᠠᠷ ᠵᠠᠰᠠᠬᠤ ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠶᠢᠨ ᠲᠥᠯᠥᠭᠡ᠂ ᠠᠵᠤ | ᠠᠬᠤᠶᠢᠯᠠᠯ ᠳᠤ ᠬᠤᠯᠪᠣᠭᠳᠠᠬᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠲᠦᠯᠬᠢᠨ ᠠᠬᠢᠭᠤᠯᠵᠤ᠂ | ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠠᠬᠤᠶᠢᠯᠠᠯ ᠳᠤ | ᠳᠣᠲᠣᠨᠣ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ 4 ᠰᠠᠷ᠎ᠠ ᠶᠢᠨ 11 ᠤ ᠡᠳᠦᠷ᠂ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | ᠬᠠᠤᠯᠢᠴᠢ ᠪᠠᠨ ᠳᠠᠭᠠᠭᠤᠯᠤᠨ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠵᠠᠯᠠᠨ ᠠᠶᠢᠯ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠳᠤ | ᠬᠦᠷᠴᠦ᠂ ︽ᠬᠠᠤᠯᠢ ᠪᠠ ᠠᠵᠤ ᠠᠬᠤᠶᠢᠯᠠᠯ ᠤᠨ ᠠᠵᠢᠯ ᠨᠢᠭᠡᠲᠡᠨ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠢ ᠬᠠᠮᠲᠤ ᠪᠠᠷ ᠬᠠᠮᠠᠭᠠᠯᠠᠬᠤ ︾ ᠪᠠᠷ | ᠭᠤᠣᠯ ᠰᠡᠳᠦᠪ ᠪᠣᠯᠭᠠᠭᠰᠠᠨ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ ᠵᠢᠴᠢ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠶᠢ | ᠥᠷᠨᠢᠭᠦᠯᠪᠡ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ︽ᠰᠠᠶᠢᠨ ᠵᠣᠷ ᠳᠡᠪᠰᠢᠭᠦᠯᠬᠦ︾ ᠬᠡᠷᠡᠭᠲᠡᠢ᠃ ᠬᠥᠯᠥᠨ ᠪᠤᠶᠢᠷ ᠤᠨ ᠲᠠᠷᠢᠶᠠᠯᠠᠩ ᠤᠨ | ᠠᠲᠠᠷ ᠬᠠᠭᠠᠯᠪᠤᠷᠢᠯᠠᠯᠲᠠ ᠶᠢᠨ ᠵᠠᠯᠠᠨ ᠠᠶᠢᠯ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠭᠡᠷ᠎ᠡ ᠶᠢᠨ ᠲᠦᠭᠰᠢᠭᠦᠷᠢ ᠶᠢ | ᠰᠡᠷᠭᠡᠶᠢᠯᠡᠬᠦ ᠪᠠ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠶᠢᠨ ᠲᠠᠯ᠎ᠠ ᠪᠠᠷ ᠬᠢ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠪᠠᠷ᠂ ᠵᠠᠯᠠᠨ ᠠᠶᠢᠯ | ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠠᠴᠠ ᠥᠪᠥᠷ ᠮᠣᠩᠭᠤᠯ ᠤᠨ ᠰᠢᠣᠸᠠᠨ ᠴᠧᠩ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠤᠨ ᠯᠢ ᠭᠧ ᠬᠠᠤᠯᠢᠴᠢ ᠶᠢ ᠤᠷᠢᠵᠤ ᠂ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠠᠭᠤᠯᠭ᠎ᠠ ᠨᠢ ᠭᠡᠷ᠎ᠡ ᠶᠢᠨ ᠭᠤᠣᠯ ᠴᠣᠭᠴᠠ ᠶᠢᠨ | ᠪᠠᠶᠢᠩᠭᠤ ᠲᠣᠬᠢᠶᠠᠯᠳᠤᠬᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠰᠡᠷᠭᠡᠶᠢᠯᠡᠯᠲᠡ᠂ ᠭᠡᠷ᠎ᠡ ᠲᠣᠭᠲᠠᠭᠠᠬᠤ ᠶᠠᠪᠤᠴᠠ ᠳᠤ᠂ ᠭᠦᠢᠴᠡᠳᠬᠡᠬᠦ ᠶᠠᠪᠤᠴᠠ ᠳᠤ | ᠪᠠᠶᠢᠩᠭᠤ ᠲᠣᠬᠢᠶᠠᠯᠳᠤᠬᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠠᠶᠢᠩᠭᠤ ᠲᠣᠬᠢᠶᠠᠯᠳᠤᠬᠤ ᠪᠣᠯᠵᠤᠭ᠎ᠠ ᠵᠥᠷᠢᠴᠡᠭᠰᠡᠨ ᠪᠠᠶᠢᠳᠠᠯ ᠵᠢᠴᠢ | ᠵᠠᠷᠭᠤ ᠶᠢ ᠠᠷᠭᠠᠴᠠᠬᠤ ᠳᠤ ᠠᠩᠬᠠᠷᠬᠤ ᠵᠦᠢᠯᠡᠰ ᠢ ᠪᠠᠭᠲᠠᠭᠠᠵᠠᠢ᠃ ᠠᠵᠤ ᠠᠬᠤᠶᠢᠯᠠᠯ ᠤᠨ ᠭᠡᠷ᠎ᠡ ᠶᠢᠨ ᠬᠠᠮᠢᠶᠠᠷᠤᠯᠲᠠ ᠳᠠᠬᠢ ᠨᠡᠶᠢᠲᠡᠴᠢ ᠴᠢᠨᠠᠷᠲᠠᠢ ᠬᠠᠤᠯᠢ | ᠴᠠᠭᠠᠵᠠ ᠶᠢᠨ ᠠᠰᠠᠭᠤᠳᠠᠯ ᠢ ᠰᠢᠰᠲ᠋ᠧᠮ ᠲᠠᠢ ᠡᠮᠬᠢᠯᠡᠬᠦ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠲᠤ ᠪᠥᠬᠦ ᠲᠠᠯ᠎ᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠵᠢᠯᠣᠭᠤᠳᠤᠮᠵᠢ ᠪᠠ ᠪᠣᠳᠠᠲᠠᠢ ᠠᠵᠢᠯᠯᠠᠭᠠᠨ ᠤ ᠵᠢᠯᠣᠭᠤᠳᠤᠯᠭ᠎ᠠ ᠶᠢ ᠬᠠᠩᠭᠠᠭᠰᠠᠨ ᠪᠠᠶᠢᠨ᠎ᠠ᠃ ᠲᠡᠷᠡᠴᠢᠯᠡᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠠᠷᠭ᠎ᠠ | ᠬᠡᠯᠪᠡᠷᠢ ᠪᠠᠷ ᠳᠠᠮᠵᠢᠭᠤᠯᠤᠨ᠂ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠠᠬᠢ ᠡᠮᠡᠭᠲᠡᠶᠢᠴᠦᠳ ᠤᠨ ᠤᠷᠤᠭ ᠤᠨ ᠶᠠᠪᠤᠳᠠᠯ᠂ ᠭᠡᠷ ᠪᠦᠯᠢ᠂ ᠠᠵᠢᠯ ᠤᠨ | ᠲᠠᠯᠠᠪᠤᠷ ᠵᠡᠷᠭᠡ ᠡᠯ᠎ᠡ ᠲᠠᠯ᠎ᠠ ᠪᠠᠷ ᠡᠳ᠋ᠯᠡᠬᠦ ᠬᠠᠤᠯᠢ ᠶᠣᠰᠣᠨ ᠤ ᠡᠷᠬᠡ ᠠᠰᠢᠭ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠡᠷᠬᠡ ᠠᠰᠢᠭ ᠨᠢ | ᠬᠠᠯᠳᠠᠯᠭ᠎ᠠ ᠳᠤ ᠤᠴᠠᠷᠠᠬᠤ ᠦᠶ᠎ᠡ ᠶᠢᠨ ᠠᠷᠭᠠᠴᠠᠬᠤ ᠠᠷᠭ᠎ᠠ ᠪᠣᠳᠣᠯᠭ᠎ᠠ ᠪᠠ ᠰᠢᠢᠳᠪᠦᠷᠢᠯᠡᠬᠦ ᠠᠷᠭ᠎ᠠ ᠵᠠᠮ ᠢ ᠬᠠᠩᠭᠠᠵᠤ᠂ ᠥᠷᠭᠡᠨ ᠣᠯᠠᠨ ᠡᠮᠡᠭᠲᠡᠢ ᠠᠵᠢᠯᠲᠠᠨ | ᠠᠵᠢᠯᠴᠢᠨ ᠤ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠤᠬᠠᠢ ᠣᠶᠢᠯᠠᠭᠠᠯᠲᠠ ᠶᠢ | ᠳᠡᠭᠡᠭᠰᠢᠯᠡᠭᠦᠯᠵᠦ᠂ ᠨᠢᠭᠡᠴᠡ ᠶᠢᠨ ᠡᠮᠡᠭᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | ᠠᠷᠭ᠎ᠠ ᠶᠢ ᠲᠠᠶᠢᠯᠪᠤᠷᠢᠯᠠᠨ ᠮᠠᠳᠠᠭ ᠲᠠᠢ ᠠᠰᠠᠭᠤᠳᠠᠯ ᠢ ᠬᠠᠷᠢᠭᠤᠯᠬᠤ ᠳᠤ ︽ᠰᠤᠳᠠᠯ ᠢ ᠰᠠᠶᠢᠲᠤᠷ ᠠᠳᠬᠤᠬᠤ︾ ᠬᠡᠷᠡᠭᠲᠡᠢ᠃ ᠤᠨᠢᠨ ᠳᠡᠭᠡᠷ᠎ᠡ ᠨᠢ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠬᠠᠷᠠᠯᠲᠠ ᠪᠣᠯᠭᠠᠵᠤ᠂ ᠶᠠᠷᠢᠯᠴᠠᠨ ᠰᠣᠯᠢᠯᠴᠠᠬᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ᠂ ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ ᠥᠷᠨᠢᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ | ᠨᠠᠷᠢᠨ ᠣᠶᠢᠯᠠᠭᠠᠭᠰᠠᠨ ᠤ ᠲᠠᠷᠠᠭ᠎ᠠ᠂ ᠬᠠᠤᠯᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠷᠢᠶᠡᠨ ᠳᠤ ᠣᠷᠣᠰᠢᠵᠤ ᠮᠡᠳᠡᠬᠦ ᠠᠶᠤᠯ | ᠲᠦᠭᠰᠢᠭᠦᠷᠢ ᠶᠢᠨ ᠴᠡᠭ᠂ ᠭᠡᠷ᠎ᠡ ᠲᠣᠭᠲᠠᠭᠠᠬᠤ ᠵᠡᠷᠭᠡ ᠠᠰᠠᠭᠤᠳᠠᠯ ᠠᠴᠠ ᠭᠠᠷᠳᠠᠵᠤ᠂ ᠬᠥᠳᠡᠯᠮᠦᠷᠢ ᠬᠦᠴᠦᠨ ᠢ ᠬᠡᠷᠡᠭᠯᠡᠬᠦ᠂ ᠭᠡᠷ᠎ᠡ ᠶᠢᠨ ᠮᠠᠷᠭᠤᠯᠳᠤᠭᠠᠨ᠂ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠵᠠᠳᠠᠯᠤᠯᠲᠠ ᠬᠢᠪᠡ᠃ ᠠᠵᠢᠯᠲᠠᠨ ᠠᠵᠤ ᠠᠬᠤᠶᠢᠯᠠᠯ ᠳᠤ ᠬᠥᠨᠳᠡᠯᠡᠨ ᠠᠴᠠ ᠲᠠᠰᠤᠯᠬᠤ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠤᠳᠠᠯᠳᠤᠭᠠᠨ ᠤ ᠶᠠᠪᠤᠳᠠᠯ ᠤᠨ ᠲᠦᠷᠦᠯ᠂ ᠠᠵᠤ ᠠᠬᠤᠢ ᠶᠢᠨ ᠲᠦᠷᠦᠯ ᠤᠨ ᠭᠡᠷ᠎ᠡ ᠶᠢᠨ ᠮᠠᠷᠭᠤᠯᠳᠤᠭᠠᠨ ᠢ | ᠰᠢᠢᠳᠪᠦᠷᠢᠯᠡᠬᠦ ᠵᠦᠢᠯ ᠵᠤᠷᠪᠤᠰ ᠲᠤ ᠬᠥᠨᠳᠡᠯᠡᠨ ᠠᠴᠠ ᠲᠠᠰᠤᠯᠬᠤ ᠵᠦᠢᠯ ᠵᠤᠷᠪᠤᠰ ᠢ ᠨᠡᠮᠡᠬᠦ ᠵᠢᠴᠢ ᠬᠡᠷᠪᠡ ᠮᠠᠷᠭᠤᠯᠳᠤᠭᠠᠨ ᠭᠠᠷᠪᠠᠯ᠂ ᠬᠥᠨᠳᠡᠯᠡᠨ ᠠᠴᠠ | ᠲᠠᠰᠤᠯᠤᠭᠤᠯᠬᠤ ᠪᠠᠷ ᠬᠡᠷᠬᠢᠨ ᠭᠤᠶᠤᠴᠢᠯᠠᠬᠤ ᠵᠡᠷᠭᠡ ᠲᠠᠯ᠎ᠠ ᠪᠠᠷ ᠬᠢ ᠬᠠᠤᠯᠢ ᠴᠠᠭᠠᠵᠠ ᠶᠢᠨ ᠯᠠᠪᠯᠠᠯᠭ᠎ᠠ ᠶᠢ ᠬᠦᠯᠢᠴᠡᠩᠭᠦᠢ ᠪᠠᠷ ᠬᠠᠷᠢᠭᠤᠯᠵᠠᠢ᠃ | ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠨᠢ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠬᠠᠤᠯᠢ ᠪᠠᠷ ᠵᠠᠰᠠᠬᠤ ᠪᠡᠶ᠎ᠡ ᠶᠢᠨ | ᠪᠠᠶᠢᠴᠠᠭᠠᠯᠲᠠ︾ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ︽ᠡᠪᠡᠷᠰᠢᠶᠡᠯ︾ ᠢ ᠲᠣᠭᠲᠠᠭᠠᠵᠤ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠦᠴᠦᠯᠡᠬᠦ ᠴᠡᠭ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠦᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠤᠯᠢ ᠴᠠᠭᠠᠵᠠ ᠶᠢᠨ ᠰᠢᠢᠳᠪᠦᠷᠢᠯᠡᠬᠦ | ᠲᠥᠰᠥᠯ ᠢ ᠬᠠᠩᠭᠠᠵᠤ᠂ ᠠᠵᠤ ᠠᠬᠤᠶᠢᠯᠠᠯ ᠤᠨ ᠡᠷᠡᠭᠦᠯ ᠪᠥᠭᠡᠳ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠵᠦ᠂ ᠪᠥᠬᠦ ᠬᠤᠲᠠ ᠶᠢᠨ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | | |