ᠪᠠᠶᠠᠷ ᠤᠨ ᠮᠡᠳᠡᠭᠡ︕ ︽ᠵᠠᠯᠠᠨ ᠠᠶᠢᠯ ᠤᠨ ᠬᠠᠷ᠎ᠠ ᠳᠡᠯᠳᠡᠦ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠤ ᠦᠨᠡᠯᠡᠯᠲᠡ ᠶᠢ ᠣᠯᠪᠠ
ᠨᠡᠶᠢᠲᠡᠯᠡᠭᠰᠡᠨ ᠴᠠᠭ᠄
2025/4/15
    4  ᠰᠠᠷ᠎ᠠ ᠶᠢᠨ 1  ᠤ ᠡᠳᠦᠷ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ 625 ᠳ᠋ᠤᠭᠠᠷ ᠲᠣᠭᠠᠲᠤ ᠠᠯᠪᠠᠨ ᠵᠠᠷ ᠨᠡᠶᠢᠲᠡᠯᠡᠵᠦ᠂ ︽ᠵᠠᠯᠠᠨ ᠠᠶᠢᠯ ᠤᠨ ᠬᠠᠷ᠎ᠠ ᠳᠡᠯᠳᠡᠦ︾ ᠵᠡᠷᠭᠡ ᠮᠠᠨ ᠤ ᠣᠷᠣᠨ ᠤ ᠭᠠᠵᠠᠷ ᠵᠦᠢ ᠶᠢᠨ ᠲᠡᠮᠳᠡᠭ ᠲᠠᠢ 6 ᠦᠢᠯᠡᠳᠬᠦᠨ ᠢ ᠮᠠᠭᠠᠳᠯᠠᠨ ᠲᠣᠭᠲᠠᠭᠠᠬᠤ ᠶᠢᠨ ᠬᠠᠮᠲᠤ ᠬᠠᠮᠠᠭᠠᠯᠠᠪᠠ᠃ ︽ᠵᠠᠯᠠᠨ ᠠᠶᠢᠯ ᠤᠨ ᠬᠠᠷ᠎ᠠ ᠳᠡᠯᠳᠡᠦ︾ ᠨᠢ ᠵᠠᠯᠠᠨ ᠠᠶᠢᠯ ᠤᠨ ᠵᠥᠪᠰᠢᠶᠡᠷᠡᠯ ᠣᠯᠣᠭᠰᠠᠨ ᠠᠩᠬᠠᠳᠠᠭᠴᠢ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠪᠣᠯᠵᠤ᠂ ᠬᠥᠯᠥᠨ ᠪᠤᠶᠢᠷ ᠬᠤᠲᠠ ᠶᠢᠨ ᠣᠯᠣᠭᠰᠠᠨ ᠳᠥᠷᠪᠡᠳᠡᠬᠢ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠪᠣᠯᠵᠠᠢ᠃    ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭᠲᠦ ᠦᠢᠯᠡᠳᠬᠦᠨ ᠭᠡᠳᠡᠭ ᠪᠣᠯ ᠣᠨᠴᠠ ᠲᠣᠭᠲᠠᠭᠰᠠᠨ ᠭᠠᠵᠠᠷ ᠣᠷᠣᠨ ᠠᠴᠠ ᠭᠠᠷᠤᠯᠲᠠ ᠲᠠᠢ ᠪᠥᠭᠡᠳ ᠲᠡᠭᠦᠨ ᠤ ᠶᠠᠰᠤ ᠴᠢᠨᠠᠷ᠂ ᠨᠡᠷ᠎ᠡ ᠬᠦᠨᠳᠦ ᠪᠤᠶᠤ ᠪᠤᠰᠤᠳ ᠣᠨᠴᠠᠯᠢᠭ ᠰᠢᠨᠵᠢ ᠨᠢ ᠮᠥᠨ ᠴᠢᠨᠠᠷ ᠳᠡᠭᠡᠷ᠎ᠡ ᠪᠠᠨ ᠲᠤᠰ ᠭᠠᠷᠤᠯᠲᠠ ᠶᠢᠨ ᠣᠷᠣᠨ ᠤ ᠪᠠᠶᠢᠭᠠᠯᠢ ᠶᠢᠨ ᠡᠯᠧᠮᠧᠨ᠋ᠲ᠂ ᠬᠥᠮᠥᠨ ᠨᠡᠶᠢᠭᠡᠮ ᠤᠨ ᠡᠯᠧᠮᠧᠨ᠋ᠲ ᠢᠶᠠᠷ ᠲᠣᠭᠲᠠᠭᠠᠭᠳᠠᠳᠠᠭ ᠦᠢᠯᠡᠳᠬᠦᠨ ᠢ ᠵᠢᠭᠠᠵᠤ ᠪᠠᠶᠢᠨ᠎ᠠ᠂ ᠲᠡᠷᠡ ᠨᠢ ᠦᠨᠡᠨ ᠪᠣᠳᠠᠲᠤ ᠴᠢᠨᠠᠷ᠂ ᠭᠠᠵᠠᠷ ᠣᠷᠣᠨ ᠤ ᠴᠢᠨᠠᠷ᠂ ᠥᠪᠡᠷᠮᠢᠴᠡ ᠴᠢᠨᠠᠷ ᠪᠠ ᠬᠤᠯᠪᠣᠭᠳᠠᠯᠲᠤ ᠴᠢᠨᠠᠷ ᠲᠠᠢ ᠪᠠᠶᠢᠳᠠᠭ᠃ ᠦᠢᠯᠡᠳᠬᠦᠨ ᠤ ᠨᠡᠷ᠎ᠡ ᠬᠦᠨᠳᠦ ᠶᠢ ᠳᠡᠭᠡᠭᠰᠢᠯᠡᠭᠦᠯᠬᠦ᠂ ᠬᠤᠲᠠ ᠶᠢᠨ ᠬᠡᠪᠴᠢᠶᠡᠨ ᠤ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃    ᠣᠶᠢᠷ᠎ᠠ ᠶᠢᠨ ᠵᠢᠯ ᠳᠤ᠂ ᠵᠠᠯᠠᠨ ᠠᠶᠢᠯ ᠬᠤᠲᠠ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠯᠢᠭᠲᠤ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠳᠣᠣᠷ᠎ᠠ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠠᠵᠠᠷ ᠵᠦᠢ ᠶᠢᠨ ᠲᠡᠮᠳᠡᠭ ᠢᠶᠠᠷ ᠠᠵᠤ ᠠᠬᠤᠶᠢᠯᠠᠯ ᠢ ᠳᠡᠮᠵᠢᠨ ᠲᠠᠷᠢᠶᠠᠴᠢᠳ ᠲᠤ ᠠᠰᠢᠭ ᠬᠦᠷᠲᠡᠭᠡᠬᠦ ᠶᠢ ᠴᠢᠩᠭᠠᠷᠠᠭᠤᠯᠤᠨ᠂ ᠭᠤᠶᠤᠴᠢᠯᠠᠨ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠭᠤᠷᠪᠠᠨ ᠵᠢᠯ ᠢ ᠥᠩᠭᠡᠷᠡᠭᠡᠨ᠂ ︽ᠵᠠᠯᠠᠨ ᠠᠶᠢᠯ ᠤᠨ ᠬᠠᠷ᠎ᠠ ᠳᠡᠯᠳᠡᠦ︾ ᠶᠢ ᠴᠢᠨᠠᠷ ᠰᠠᠶᠢᠲᠠᠢ ᠬᠥᠭᠵᠢᠯᠲᠡ ᠶᠢᠨ ᠳᠠᠯᠳᠠ ᠬᠦᠴᠦᠨ ᠪᠣᠯᠭᠠᠨ ᠬᠤᠪᠢᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠵᠢᠵᠢᠭ ᠳᠡᠯᠳᠡᠦ ᠲᠣᠮᠣ ᠠᠵᠤ ᠦᠢᠯᠡᠰ︾ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃    ᠡᠨᠡ ᠤᠳᠠᠭ᠎ᠠ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠮᠠᠭᠠᠳᠯᠠᠯᠲᠠ ᠨᠢ ᠵᠠᠯᠠᠨ ᠠᠶᠢᠯ ᠬᠤᠳᠠ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠵᠦ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠪᠠᠷ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠭᠠᠵᠠᠷ ᠵᠦᠢ ᠶᠢᠨ ᠪᠡᠯᠭᠡ ᠲᠡᠮᠳᠡᠭ ᠤᠨ ︽ᠠᠯᠲᠠᠨ ᠨᠡᠷ᠎ᠡ ᠶᠢᠨ ᠬᠠᠭᠤᠳᠠᠰᠤ︾ ᠶᠢ ᠪᠣᠶ ᠪᠣᠯᠭᠠᠵᠤ᠂ ︽ᠵᠠᠯᠠᠨ ᠠᠶᠢᠯ ᠬᠠᠷ᠎ᠠ ᠳᠡᠯᠳᠡᠦ︾ ᠶᠢ ᠵᠠᠯᠠᠨ ᠠᠶᠢᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠰᠢᠨ᠎ᠡ ᠬᠥᠳᠡᠯᠭᠡᠭᠦᠷ︾ ᠪᠣᠯᠭᠠᠬᠤ ᠶᠢ ᠲᠦᠯᠬᠢᠨ ᠠᠬᠢᠭᠤᠯᠤᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ